5 ᠰᠠᠷ᠎ᠠ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠦᠨᠳᠦᠰᠦᠲᠡᠨ ᠤ ᠲᠥᠷᠥ ᠶᠢᠨ | ᠪᠣᠳᠣᠯᠭ᠎ᠠ ᠶᠢ ᠤᠬᠠᠭᠤᠯᠬᠤ ᠰᠠᠷ᠎ᠠ︾ ᠪᠣᠯᠤᠨ᠎ᠠ᠂ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠰᠢ ᠶᠢᠨ ᠫᠢᠩ ᠤᠨ ᠥᠪᠥᠷ | ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠪᠠᠶ᠋ᠬᠠᠦ᠋ᠡᠳᠣᠷ ᠰᠤᠮᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠨᠠᠮ ᠤᠨ | ᠦᠨᠳᠦᠰᠦᠲᠡᠨ ᠤ ᠤᠨᠤᠯ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠤᠨ | ᠤᠬᠠᠭᠤᠯᠭ᠎ᠠ ᠶᠢ ᠶᠡᠬᠡᠪᠡᠷ ᠴᠢᠩᠭᠠᠳᠬᠠᠵᠠᠶ᠃ ᠦᠢᠷ᠎ᠡ ᠳᠤ᠂ ᠪᠠᠶ᠋ᠬᠠᠦ᠋ᠡᠳᠣᠷ ᠰᠤᠮᠤ ︽ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠵᠤ᠂ ᠪᠦᠯᠬᠦᠮᠳᠡᠨ ᠲᠡᠮᠡᠴᠡᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢ ᠪᠥᠬᠦ ᠲᠠᠯ᠎ᠠ ᠪᠠᠷ | ᠲᠦᠯᠬᠢᠨ ᠠᠬᠢᠭᠤᠯᠬᠤ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ | ᠪᠣᠳᠠᠳᠠᠶᠢᠵᠢᠭᠤᠯᠪᠠ | ᠪᠠᠶ᠋ᠬᠠᠦ᠋ᠡᠳᠣᠷ ᠰᠤᠮᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ︾᠂ | ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠢ ᠳᠠᠶᠢᠴᠢᠯᠠᠨ ᠪᠠᠶᠢᠷᠢᠯᠠᠭᠤᠯᠬᠤ | ᠬᠤᠷᠠᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠳᠡᠭᠡᠳᠦ | ᠱᠠᠳᠤᠨ ᠤ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠬᠠᠮᠢᠶ᠎ᠠ ᠪᠦᠬᠦᠢ ᠠᠵᠢᠯᠯᠠᠭ᠎ᠠ ᠶᠢᠨ ᠲᠥᠰᠦᠯ ᠢ ᠰᠤᠳᠤᠯᠤᠨ ᠲᠣᠭᠲᠠᠭᠠᠵᠤ ᠤᠬᠠᠭᠤᠯᠬᠤ ᠰᠠᠷ᠎ᠠ ᠪᠣᠯᠤᠨ ᠤᠬᠠᠭᠤᠯᠬᠤ | ᠭᠠᠷᠠᠭ ᠤᠨ ᠠᠵᠢᠯᠯᠠᠭ᠎ᠠ ᠶᠢ ᠲᠣᠬᠢᠷᠠᠭᠤᠯᠤᠨ ᠪᠠᠶᠢᠷᠢᠯᠠᠭᠤᠯᠵᠤ᠂ ᠠᠵᠢᠯᠯᠠᠭ᠎ᠠ ᠶᠢᠨ ᠭᠤᠤᠯ ᠰᠡᠳᠦᠪ᠂ ᠠᠵᠢᠯ ᠤᠨ | ᠡᠭᠦᠷᠭᠡ᠂ ᠠᠵᠢᠯ ᠤᠨ ᠱᠠᠭᠠᠷᠳᠠᠯᠭ᠎ᠠ ᠵᠡᠷᠭᠡ ᠶᠢ ᠲᠣᠳᠣᠷᠬᠠᠶᠢᠯᠠᠵᠤ᠂ ᠤᠬᠠᠭᠤᠯᠬᠤ ᠠᠵᠢᠯᠯᠠᠭ᠎ᠠ ᠡᠮᠬᠢ ᠵᠢᠷᠤᠮ ᠲᠠᠢ | ᠶᠠᠪᠤᠭᠳᠠᠬᠤ ᠶᠢ ᠦᠨᠡᠨᠬᠦ ᠪᠠᠲᠤᠯᠠᠪᠠ᠃ ᠤᠬᠠᠭᠤᠯᠭ᠎ᠠ ᠶᠢᠨ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠠᠭᠤᠷ | ᠠᠮᠢᠰᠬᠤᠯ ᠢ ᠪᠣᠢ ᠪᠣᠯᠭᠠᠪᠠ | ᠰᠦᠯᠵᠢᠶᠡᠨ ᠳᠡᠭᠡᠷ᠎ᠡ᠂ ᠸᠢᠴᠠᠲ ᠤᠨ ᠨᠡᠶᠢᠲᠡ ᠶᠢᠨ ᠳ᠋ᠤᠭᠠᠷ᠂ ᠸᠢᠴᠠᠲ ᠴᠤᠭᠯᠠᠷᠠᠯ ᠵᠡᠷᠭᠡ ᠰᠢᠨ᠎ᠡ | ᠵᠠᠭᠤᠴᠢᠯᠠᠭᠤᠷ ᠤᠨ ᠲᠠᠪᠴᠠᠩ ᠢ ᠠᠰᠢᠭᠯᠠᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠭᠰᠡᠨ 8 | ᠵᠣᠬᠢᠶᠠᠯ ᠢ ᠨᠡᠶᠢᠲᠡᠯᠡᠵᠦ᠂ ᠣᠯᠠᠨ ᠲᠦᠮᠡᠨ ᠢ 3000 ᠭᠠᠷᠤᠶ ᠬᠥᠮᠦᠨ ᠤᠳᠠᠭ᠎ᠠ ᠬᠠᠮᠤᠷᠪᠠ᠃ | | | | ᠰᠦᠯᠵᠢᠶᠡᠨ ᠠᠴᠠ ᠭᠠᠳᠠᠨ᠎ᠠ᠂ ᠠᠵᠢᠯᠲᠠᠳ ᠰᠤᠷᠭᠠᠭᠤᠯᠢ ᠶᠢᠨ ᠬᠦᠷᠢᠶᠡᠨ ᠳᠤ ᠣᠷᠣᠬᠤ᠂ | ᠬᠤᠳᠠᠯᠳᠤᠭᠠᠨ ᠤ ᠳᠡᠯᠭᠡᠭᠦᠷ ᠲᠤ ᠣᠷᠣᠬᠤ᠂ ᠮᠠᠯᠴᠢᠨ ᠡᠷᠦᠬᠡ ᠳᠤ ᠣᠷᠣᠬᠤ ᠵᠡᠷᠭᠡ ᠬᠡᠯᠪᠡᠷᠢ ᠪᠠᠷ ᠳᠠᠮᠵᠢᠨ᠂ ᠮᠠᠯᠴᠢᠨ | ᠲᠦᠮᠡᠨ ᠳᠤ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠵᠢᠴᠢ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢᠨ ᠭᠤᠤᠯᠳᠠᠯᠭ᠎ᠠ ᠶᠢ ᠳᠥᠭᠦᠮ ᠣᠶᠢᠯᠠᠭᠠᠮᠵᠢᠳᠠᠢ ᠦᠭᠡ | ᠬᠡᠯᠡ ᠪᠠᠷ ᠭᠦᠨᠵᠡᠭᠡᠶ ᠲᠠᠶᠢᠯᠪᠣᠷᠢᠯᠠᠬᠤ ᠶᠢᠨ ᠬᠠᠮᠲᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠵᠤ᠂ ᠬᠥᠷᠰᠢ ᠵᠡᠷᠭᠡᠯᠡᠳᠡᠭᠡ ᠶᠢᠨ | ᠬᠤᠭᠤᠷᠣᠨᠳᠣ ᠪᠠᠨ ᠬᠠᠷᠢᠯᠴᠠᠨ ᠬᠠᠪᠰᠤᠷᠤᠯᠴᠠᠬᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠶᠢ | ᠰᠠᠨᠠᠭᠠᠴᠢᠯᠠᠵᠤ᠂ ᠦᠨᠳᠦᠰᠦᠲᠡᠨ ᠨᠦᠭᠦᠳ ᠡᠷᠬᠡ ᠲᠡᠭᠰᠢ ᠪᠠᠷ ᠬᠠᠨᠳᠤᠯᠴᠠᠬᠤ᠂ ᠨᠥᠬᠦᠷᠰᠡᠭ ᠢᠶᠠᠷ ᠶᠠᠪᠤᠯᠴᠠᠬᠤ᠂ | ᠬᠠᠷᠢᠯᠴᠠᠨ ᠬᠦᠨᠳᠦᠳᠬᠡᠬᠦ᠂ ᠬᠠᠷᠢᠯᠴᠠᠨ ᠬᠠᠪᠰᠤᠷᠤᠯᠴᠠᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠶᠢ | ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ | ᠪᠠᠳᠠᠷᠠᠭᠤᠯᠤᠨ ᠳᠡᠯᠭᠡᠷᠡᠭᠦᠯᠪᠡ᠃ | ᠡᠭᠦᠨ ᠤ ᠳᠠᠭᠠᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠭᠤᠤᠯ ᠰᠡᠳᠦᠪᠲᠦ ᠵᠠᠷᠯᠠᠯ | ᠨᠠᠭᠠᠬᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠠᠬᠢᠭᠤᠯᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠵᠡᠷᠭᠡ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ ᠵᠡᠷᠭᠡ ᠠᠷᠭ᠎ᠠ | ᠬᠡᠯᠪᠡᠷᠢ ᠪᠠᠷ ᠳᠠᠮᠵᠢᠭᠤᠯᠤᠨ ᠪᠦᠬᠦ ᠰᠤᠮᠤᠨ ᠤ ᠬᠡᠪᠴᠢᠶᠡᠨ ᠳᠤ ᠭᠦᠨ ᠵᠤᠵᠠᠭᠠᠨ ᠤᠬᠠᠭᠤᠯᠭ᠎ᠠ ᠶᠢᠨ ᠠᠭᠤᠷ | ᠠᠮᠢᠰᠬᠤᠯ ᠢ ᠪᠣᠢ ᠪᠣᠯᠭᠠᠪᠠ᠃ | ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠲᠥᠷᠥ ᠶᠢᠨ ᠪᠣᠳᠣᠯᠭ᠎ᠠ ᠶᠢ | ᠬᠠᠮᠲᠤ ᠪᠠᠷ ᠰᠤᠷᠤᠯᠴᠠᠪᠠ | ᠠᠵᠢᠯ ᠤᠨ ᠭᠤᠤᠯᠳᠠᠯᠭ᠎ᠠ ᠶᠢᠨ ᠶᠣᠰᠣᠭᠠᠷ᠂ ᠪᠦᠬᠦ ᠰᠤᠮᠤᠨ ᠤ 23 ᠭᠠᠴᠠᠭ᠎ᠠ ᠪᠣᠯᠤᠨ ᠰᠤᠮᠤᠨ ᠤ | ᠪᠠᠶᠢᠭᠤᠯᠭ᠎ᠠ ᠶᠢᠨ ᠨᠠᠮ ᠤᠨ ᠡᠭᠦᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠰᠠᠷ᠎ᠠ ᠶᠢᠨ | ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠡᠶ᠃ ᠲᠥᠪᠯᠡᠷᠡᠭᠦᠯᠦᠨ | ᠰᠤᠷᠤᠯᠴᠠᠬᠤ᠂ ᠬᠤᠪᠢ ᠬᠥᠮᠦᠨ ᠥᠪᠡᠷ ᠢᠶᠠᠨ ᠰᠤᠷᠤᠯᠴᠠᠬᠤ ᠬᠡᠯᠪᠡᠷᠢ ᠪᠠᠷ ᠳᠠᠮᠵᠢᠭᠤᠯᠵᠤ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ | ᠳᠦᠷᠢᠮ ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠵᠡᠷᠭᠡ ᠠᠭᠤᠯᠭ᠎ᠠ ᠶᠢ ᠭᠦᠨᠵᠡᠭᠡᠶ | ᠨᠠᠷᠢᠨ ᠨᠢᠭᠲᠠ ᠰᠤᠷᠤᠯᠴᠠᠪᠠ᠃ ᠲᠤᠰ ᠤᠳᠠᠭᠠᠨ ᠤ ᠰᠤᠷᠤᠯᠴᠠᠯᠭ᠎ᠠ ᠪᠠᠷ ᠳᠠᠮᠵᠢᠨ᠂ ᠭᠠᠴᠠᠭᠠᠨ ᠤ ᠨᠠᠮ ᠤᠨ | ᠭᠡᠰᠢᠭᠦᠨ ᠤ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠤᠬᠠᠶ | ᠣᠶᠢᠯᠠᠭᠠᠯᠳᠠ ᠲᠠᠨᠢᠯᠲᠠ ᠶᠢ ᠭᠦᠨᠵᠡᠭᠡᠶᠢᠷᠡᠭᠦᠯᠬᠦ ᠶᠢᠨ ᠬᠠᠮᠲᠤ ᠵᠠᠯᠠᠭᠤ ᠺᠠᠳ᠋ᠷᠴᠤᠳ ᠢ ᠬᠥᠲᠥᠯᠥᠨ ᠵᠢᠯᠣᠭᠤᠳᠴᠤ | ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ | ᠦᠨᠳᠦᠰᠦᠲᠡᠨ ᠤ ᠠᠵᠢᠯ ᠢ ᠰᠠᠶᠢᠳᠣᠷ ᠬᠢᠬᠦ ᠤᠯᠤᠰ ᠲᠥᠷᠥ ᠶᠢᠨ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢ | ᠦᠨᠡᠨ ᠬᠦ ᠴᠢᠩᠭᠠᠣᠡᠬᠠᠪᠠ᠃ | | | | ᠲᠤᠰ ᠤᠳᠠᠭᠠᠨ ᠤ ᠠᠵᠢᠯᠯᠠᠭ᠎ᠠ ᠳᠤ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ 800 ᠭᠠᠷᠤᠶ | ᠬᠤᠪᠢ ᠲᠠᠷᠬᠠᠭᠠᠵᠤ᠂ ᠣᠯᠠᠨ ᠲᠦᠮᠡᠨ ᠤ ᠠᠰᠠᠭᠤᠨ ᠯᠠᠪᠯᠠᠯᠲᠠ ᠶᠢ 100 ᠭᠠᠷᠤᠶ ᠬᠥᠮᠦᠨ ᠤᠳᠠᠭ᠎ᠠ ᠬᠦᠯᠢᠶᠡᠨ | ᠠᠪᠴᠠᠶ᠃ ᠣᠯᠠᠨ ᠵᠦᠢᠯ ᠤᠨ ᠬᠡᠯᠪᠡᠷᠢ ᠶᠢᠨ ᠤᠬᠠᠭᠤᠯᠭ᠎ᠠ ᠪᠠᠷ ᠳᠠᠮᠵᠢᠨ ᠮᠠᠯᠴᠢᠨ ᠲᠦᠮᠡᠨ ᠤ ᠨᠠᠮ ᠤᠨ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠤᠬᠠᠶ ᠣᠶᠢᠯᠠᠭᠠᠯᠲᠠ ᠶᠢᠨ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠨᠡᠮᠡᠭᠳᠡᠭᠦᠯᠦᠨ᠂ ᠦᠨᠳᠦᠰᠦᠲᠡᠨ ᠤ | ᠪᠦᠯᠬᠦᠮᠳᠡᠯ ᠂ ᠨᠡᠶᠢᠭᠡᠮ ᠤᠨ ᠡᠶ᠎ᠡ ᠵᠣᠬᠢᠴᠠᠯ ᠲᠠᠢ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠂ | ᠳᠠᠷᠠᠭᠠᠴᠢ ᠶᠢᠨ ᠠᠯᠬᠤᠮ ᠳᠤ᠂ ᠪᠠᠶ᠋ᠬᠠᠦ᠋ᠡᠳᠣᠷ ᠰᠤᠮᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠠᠵᠢᠯᠯᠠᠭ᠎ᠠ ᠶᠢ ᠥᠷᠭᠦᠯᠵᠢᠯᠡᠨ ᠭᠦᠨᠵᠡᠭᠡᠶ ᠥᠷᠨᠢᠭᠦᠯᠵᠦ ᠤᠬᠠᠭᠤᠯᠭ᠎ᠠ ᠶᠢᠨ ᠠᠷᠭ᠎ᠠ ᠮᠠᠶ᠋ᠢᠭ ᠲᠤ | ᠰᠢᠨ᠎ᠡ ᠶᠢ ᠡᠭᠦᠳᠦᠨ᠂ ᠤᠬᠠᠭᠤᠯᠭ᠎ᠠ ᠶᠢᠨ ᠠᠭᠤᠯᠭ᠎ᠠ ᠪᠠᠨ ᠪᠠᠶᠠᠯᠢᠭᠵᠢᠭᠤᠯᠵᠤ᠂ ᠨᠠᠮ ᠤᠨ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢᠨ ᠦᠨᠳᠦᠰᠦᠨ ᠱᠠᠲᠤᠨ ᠳᠠᠬᠢ ᠨᠠᠶᠢᠳᠠᠪᠤᠷᠢᠵᠢᠭᠤᠯᠤᠯᠲᠠ ᠶᠢ ᠲᠠᠰᠤᠷᠠᠯᠲᠠ ᠥᠬᠡᠶ | ᠲᠦᠯᠬᠢᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠬᠦ | ᠲᠠᠯ᠎ᠠ ᠪᠠᠷ ᠲᠦᠯᠬᠢᠨ ᠠᠬᠢᠭᠤᠯᠬᠤ ᠳᠤ ᠬᠦᠴᠦᠯᠡᠨ ᠠᠵᠢᠯᠯᠠᠬᠤ ᠪᠣᠯᠤᠨ᠎ᠠ᠃ ᠴᠢᠮᠡᠭᠡᠯᠡᠭᠴᠢ᠄ ᠠᠨᠠᠷ | | |