ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ | ᠨᠢᠭᠡᠳᠦᠯᠲᠡᠢ ᠰᠢᠯᠭᠠᠯᠲᠠ ᠣᠶᠢᠷᠠᠳᠴᠤ ᠪᠠᠶᠢᠭ᠎ᠠ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ | ᠬᠤᠷᠢᠶ᠎ᠠ ᠪᠦᠭᠦ ᠣᠷᠣᠨ ᠳᠤ 12355 ᠨᠢᠭᠡᠳᠦᠯᠲᠡᠢ ᠰᠢᠯᠭᠠᠯᠲᠠ ᠶᠢᠨ ᠳᠠᠷᠤᠯᠲᠠ ᠶᠢ ᠪᠠᠭᠠᠰᠬᠠᠬᠤ ᠰᠢᠷᠢᠰ | ᠠᠵᠢᠯᠯᠠᠭ᠎ᠠ ᠶᠢ ᠡᠬᠢᠯᠡᠭᠦᠯᠵᠦ᠂ ᠨᠡᠶᠢᠲᠡ ᠶᠢᠨ ᠠᠰᠠᠷᠠᠮᠵᠢ ᠶᠢᠨ ᠣᠬᠤᠷ ᠮᠡᠳᠡᠭᠡ ᠶᠠᠪᠤᠭᠤᠯᠬᠤ᠂ ᠠᠰᠠᠭᠤᠨ ᠯᠠᠪᠯᠠᠬᠤ | ᠲᠤᠰᠬᠠᠢ ᠤᠲᠠᠰᠤ ᠨᠡᠪᠲᠡᠷᠡᠭᠦᠯᠬᠦ᠂ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ ᠭᠤᠣᠯ ᠰᠡᠳᠦᠪᠲᠦ | ᠠᠵᠢᠯᠯᠠᠭ᠎ᠠ ᠡᠷᠭᠢᠯᠡᠭᠦ ᠵᠡᠷᠭᠡ ᠭᠡᠯᠪᠡᠷᠢ ᠪᠠᠷ ᠥᠷᠭᠡᠨ ᠣᠯᠠᠨ ᠰᠢᠯᠭᠠᠭᠤᠯᠤᠭᠰᠠᠳ ᠤᠨ ᠰᠡᠳᠬᠢᠴᠡ ᠶᠢᠨ ᠳᠠᠷᠤᠯᠲᠠ ᠶᠢ | ᠬᠥᠩᠭᠡᠷᠡᠭᠦᠯᠵᠦ᠂ ᠰᠠᠶᠢᠨ ᠰᠠᠶᠢᠬᠠᠨ ᠰᠡᠳᠬᠢᠴᠡ ᠶᠢᠨ ᠪᠠᠶᠢᠳᠠᠯ ᠢ ᠪᠠᠲᠤᠯᠠᠵᠤ᠂ ᠠᠮᠵᠢᠯᠲᠠ ᠲᠠᠢ ᠰᠢᠯᠭᠠᠯᠲᠠ ᠳᠤ | ᠣᠷᠤᠯᠴᠠᠬᠤ ᠳᠤ ᠬᠦᠴᠦᠨ ᠨᠡᠮᠡᠷᠢᠯᠡᠵᠦ ᠪᠤᠶ᠃ | 5 ᠰᠠᠷ᠎ᠠ - 7 ᠰᠠᠷ᠎ᠠ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠶᠢᠨ 12355 | ᠵᠠᠯᠠᠭᠤᠴᠤᠳ ᠪᠠᠭᠠᠴᠤᠳ ᠤᠨ ᠦᠢᠯᠡᠴᠢᠯᠡᠭᠡᠨ ᠤ ᠲᠠᠪᠴᠠᠩ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠶᠡᠭᠡ | ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠳᠠᠷᠤᠭᠠᠰᠤ ᠶᠢ ᠲᠠᠶᠢᠯᠬᠤ ᠨᠡᠶᠢᠲᠡ ᠶᠢᠨ | ᠠᠰᠠᠷᠠᠮᠵᠢ ᠶᠢᠨ ᠲᠤᠰᠬᠠᠢ ᠤᠲᠠᠰᠤ ᠶᠢ ᠨᠠᠪᠲᠠᠷᠡᠭᠦᠯᠵᠦ᠂ 12355 ᠰᠡᠳᠬᠢᠴᠡ ᠶᠢᠨ ᠵᠥᠪᠯᠡᠯᠭᠡ ᠥᠭᠭᠦᠭᠴᠢ 7 × | 24 × ᠴᠠᠭ ᠢᠶᠠᠷ ᠵᠢᠵᠢᠭᠦᠷᠯᠡᠵᠦ᠂ ᠥᠷᠭᠡᠨ ᠣᠯᠠᠨ ᠰᠢᠯᠭᠠᠭᠤᠯᠤᠭᠴᠢ ᠪᠠ ᠭᠡᠷ ᠤᠨ ᠠᠬᠠᠮᠠᠳ ᠲᠤ ᠬᠠᠮᠢᠶ᠎ᠠ | ᠪᠦᠬᠦᠢ ᠠᠰᠠᠭᠤᠨ ᠯᠠᠪᠯᠠᠯᠭ᠎ᠠ ᠬᠠᠩᠭᠠᠵᠤ᠂ ᠬᠡᠷᠡᠭᠴᠡᠭᠡ ᠲᠠᠢ ᠰᠢᠯᠭᠠᠭᠤᠯᠤᠭᠴᠢ ᠵᠢᠴᠢ ᠭᠡᠷ ᠤᠨ ᠠᠬᠠᠮᠠᠳ | ︽0471-12353︾ ᠤᠲᠠᠰᠤ ᠶᠢ ᠤᠲᠠᠰᠤᠳᠠᠵᠤ ᠦᠢᠯᠡᠴᠢᠯᠡᠭᠡ ᠬᠦᠷᠲᠡᠵᠦ ᠪᠣᠯᠣᠨ᠎ᠠ᠃ ᠡᠭᠦᠨ ᠠᠴᠠ | ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠵᠠᠯᠭᠠᠭ᠎ᠠ ᠪᠠᠷ ︽ᠯᠠᠪᠳᠠᠭᠤᠨ ᠢᠶᠠᠷ | ᠰᠢᠯᠭᠠᠯᠲᠠ ᠳᠤ ᠪᠡᠯᠡᠳᠬᠡᠨᠡᠮ · 12355 ᠲᠠᠨ ᠲᠠᠢ ᠬᠠᠮᠲᠤ ᠪᠠᠶᠢᠨ᠎ᠠ︾ ᠭᠡᠬᠦ ᠰᠢᠷᠢᠰ ᠠᠵᠢᠯᠯᠠᠭ᠎ᠠ ᠥᠷᠨᠢᠭᠦᠯᠵᠦ᠂ | ᠪᠦᠭᠦ ᠣᠷᠣᠨ ᠤ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠠᠴᠠ ᠰᠡᠳᠬᠢᠴᠡ ᠶᠢᠨ ᠵᠥᠪᠯᠡᠯᠭᠡ ᠥᠭᠬᠦ | ᠲᠤᠰᠬᠠᠢ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ᠂ ᠬᠡᠰᠡᠭ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠣᠷᠣᠬᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠰᠢᠯᠭᠠᠭᠤᠯᠤᠭᠴᠢ ᠶᠢᠨ ᠪᠠᠶᠢᠭ᠎ᠠ ᠰᠤᠷᠭᠠᠭᠤᠯᠢ᠂ | ᠨᠡᠶᠢᠭᠡᠮ ᠲᠣᠭᠤᠷᠢᠭ ᠵᠡᠷᠭᠡ ᠳᠤ ᠬᠦᠷᠴᠦ᠂ ᠰᠢᠯᠭᠠᠭᠤᠯᠤᠭᠴᠢ ᠵᠢᠴᠢ ᠭᠡᠷ ᠤᠨ ᠠᠬᠠᠮᠠᠳ ᠲᠤ ᠬᠠᠨᠳᠤᠭᠤᠯᠤᠨ | ᠰᠡᠳᠬᠢᠴᠡ ᠶᠢᠨ ᠡᠷᠡᠭᠦᠯ ᠮᠡᠨᠳᠦ ᠶᠢᠨ ᠲᠠᠶᠢᠯᠤᠮᠵᠢ᠂ ᠵᠥᠪᠯᠡᠯᠭᠡ ᠥᠭᠬᠦ ᠵᠡᠷᠭᠡ ᠠᠵᠢᠯᠯᠠᠭ᠎ᠠ ᠥᠷᠨᠢᠭᠦᠯᠵᠦ᠂ ᠣᠲᠣ | ᠪᠤᠯᠲᠠᠯ᠎ᠠ ᠨᠢᠭᠡᠨᠲᠡ 244 ᠤᠳᠠᠭ᠎ᠠ ᠥᠷᠨᠢᠭᠦᠯᠵᠦ᠂ 9.6 ᠲᠦᠮᠡᠨ ᠬᠥᠮᠥᠨ ᠤᠳᠠᠭ᠎ᠠ ᠶᠢ ᠬᠠᠮᠤᠷᠤᠭᠰᠠᠨ | ᠪᠠᠶᠢᠨ᠎ᠠ᠃ | ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ 12355 | ᠵᠠᠯᠠᠭᠤᠴᠤᠳ ᠪᠠᠭᠠᠴᠤᠳ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ︽ᠥᠨᠳᠥᠷ ᠳᠤᠮᠳᠠᠳᠤ ᠶᠡᠭᠡ | ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠳᠠᠷᠤᠯᠲᠠ ᠶᠢ ᠪᠠᠭᠠᠰᠬᠠᠬᠤ︾᠂ | ︽ᠵᠠᠯᠠᠭᠤᠴᠤᠳ ᠥᠪᠡᠷ ᠢ ᠪᠠᠨ ᠬᠠᠮᠠᠭᠠᠯᠠᠬᠤ ᠬᠥᠮᠦᠵᠢᠯ︾ ᠵᠡᠷᠭᠡ ᠭᠤᠣᠯ ᠰᠡᠳᠦᠪ ᠤᠨ ᠲᠣᠭᠤᠷᠢᠨ ᠳᠤ᠂ ᠲᠤᠰᠬᠠᠢ | ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ ᠰᠤᠷᠭᠠᠭᠤᠯᠢ᠂ ᠮᠠᠯᠵᠢᠬᠤ ᠲᠠᠷᠢᠶᠠᠯᠠᠬᠤ ᠣᠷᠣᠨ᠂ ᠵᠡᠭᠡᠯᠢ | ᠭᠤᠳᠤᠮᠵᠢ᠂ ᠨᠡᠶᠢᠭᠡᠮ ᠲᠣᠭᠤᠷᠢᠭ᠂ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ᠳᠤ ᠣᠴᠢᠭᠤᠯᠤᠨ᠂ ᠰᠡᠳᠬᠢᠴᠡ ᠶᠢᠨ | ᠵᠢᠯᠣᠭᠤᠳᠤᠯᠭ᠎ᠠ᠂ ᠬᠠᠤᠯᠢ ᠳᠦᠷᠢᠮ ᠤᠨ ᠲᠠᠶᠢᠯᠤᠮᠵᠢ ᠵᠡᠷᠭᠡ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠶᠢ | ᠥᠷᠭᠡᠨ ᠢᠶᠠᠷ ᠥᠷᠨᠢᠭᠦᠯᠵᠦ᠂ ᠥᠷᠭᠡᠨ ᠣᠯᠠᠨ ᠵᠠᠯᠠᠭᠤᠴᠤᠳ ᠪᠠᠭᠠᠴᠤᠳ ᠵᠢᠴᠢ ᠭᠡᠷ ᠤᠨ ᠠᠬᠠᠮᠠᠳ ᠢ ᠬᠠᠪᠰᠤᠷᠤᠨ | ᠰᠡᠳᠬᠢᠴᠡ ᠶᠢᠨ ᠡᠷᠡᠭᠦᠯ ᠮᠡᠨᠳᠦ ᠶᠢᠨ ᠶᠡᠷᠦ ᠶᠢᠨ ᠮᠡᠳᠡᠯᠭᠡ ᠶᠢ ᠰᠠᠶᠢᠲᠤᠷ ᠲᠠᠨᠢᠭᠤᠯᠵᠤ᠂ ᠰᠡᠳᠬᠢᠴᠡ ᠶᠢᠨ | ᠠᠰᠠᠭᠤᠳᠠᠯ ᠢ ᠢᠯᠭᠠᠨ ᠲᠠᠨᠢᠬᠤ ᠴᠢᠳᠠᠪᠤᠷᠢ ᠶᠢ ᠨᠢ ᠳᠡᠭᠡᠭᠰᠢᠯᠡᠭᠦᠯᠪᠡ᠃ 2023 ᠣᠨ ᠠᠴᠠ ᠨᠠᠭᠠᠰᠢ᠂ 12355 | ᠵᠠᠯᠠᠭᠤᠴᠤᠳ ᠪᠠᠭᠠᠴᠤᠳ ᠤᠨ ᠦᠢᠯᠡᠴᠢᠯᠡᠭᠡᠨ ᠤ ᠲᠠᠪᠴᠠᠩ ᠨᠢ ᠨᠡᠶᠢᠲᠡ 36677 ᠤᠳᠠᠭ᠎ᠠ ᠶᠢᠨ ᠠᠰᠠᠭᠤᠨ | ᠯᠠᠪᠯᠠᠯᠭ᠎ᠠ ᠶᠢᠨ ᠤᠲᠠᠰᠤ ᠶᠢ ᠲᠤᠰᠴᠤ ᠪᠦᠲᠦᠮᠵᠢᠲᠡᠢ ᠵᠥᠪᠯᠡᠯᠭᠡ ᠥᠭᠴᠦ᠂ ᠦᠢᠯᠡᠴᠢᠯᠡᠭᠡᠨ ᠤ ᠶᠡᠷᠦᠩᠬᠡᠢ ᠴᠠᠭ ᠨᠢ | 42.57 ᠲᠦᠮᠡᠨ ᠮᠢᠨᠦ᠋ᠲ ᠪᠠᠶᠢᠵᠤ᠂ ᠰᠡᠳᠬᠢᠴᠡ ᠶᠢᠨ ᠠᠰᠠᠭᠤᠨ ᠯᠠᠪᠯᠠᠬᠤ ᠣᠨᠴᠠᠭᠠᠶ ᠬᠡᠷᠡᠭ ᠢ 27458 | ᠤᠳᠠᠭ᠎ᠠ ᠭᠥᠯᠢᠶᠡᠨ ᠠᠪᠴᠤ ᠰᠢᠢᠳᠪᠦᠷᠢᠯᠡᠪᠡ᠃ | | |