5 ᠰᠠᠷ᠎ᠠ ᠶᠢᠨ 29 ᠤ ᠡᠳᠦᠷ᠂ ᠪᠥᠬᠦ ᠬᠤᠲᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠡᠳ᠋ ᠤᠨ ᠵᠠᠰᠠᠭ ᠠᠷᠠᠯᠵᠢᠶ᠎ᠠ ᠬᠤᠳᠠᠯᠳᠤᠭᠠᠨ ᠤ ᠲᠥᠷᠥᠯ ᠤᠨ ᠤᠷ᠎ᠠ ᠴᠢᠳᠠᠪᠤᠷᠢ ᠶᠢᠨ | ᠤᠷᠤᠯᠳᠤᠭᠠᠨ ᠠᠷᠤ ᠬᠤᠷᠴᠢᠨ ᠬᠤᠰᠢᠭᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠲᠤ | ᠠᠮᠵᠢᠯᠲᠠᠲᠠᠶ ᠶᠠᠪᠤᠭᠳᠠᠵᠤ᠂ ᠪᠦᠬᠦ ᠬᠤᠲᠠ ᠶᠢᠨ 6 ᠰᠤᠷᠭᠠᠭᠤᠯᠢ ᠠᠴᠠ ᠬᠦᠷᠦᠯᠴᠡᠨ ᠢᠷᠡᠭᠰᠡᠨ 16 | ᠤᠷᠤᠯᠳᠤᠭᠠᠨ ᠤ ᠠᠩᠭᠢ ᠶᠢᠨ 60 ᠰᠤᠷᠤᠭᠴᠢ ᠪᠠ 18 ᠪᠠᠭᠰᠢ ᠤᠷᠤᠯᠳᠤᠭᠠᠨ ᠳᠤ ᠤᠷᠤᠯᠴᠠᠨ ᠤᠷ᠎ᠠ ᠠᠪᠢᠶᠠᠰ | ᠤᠬᠠᠭᠠᠨ ᠪᠢᠯᠢᠭ ᠢᠶᠠᠨ ᠰᠣᠷᠢᠵᠤ᠂ ᠥᠷᠢᠰᠥᠯᠳᠦᠭᠡᠨ ᠪᠠ ᠰᠣᠯᠢᠯᠴᠠᠭ᠎ᠠ ᠥᠷᠨᠢᠭᠦᠯᠵᠡᠶ᠃ | | | | ᠤᠷᠤᠯᠳᠤᠭᠠᠨ ᠨᠢ ᠡᠯᠧᠺᠲᠷᠣᠨ ᠬᠤᠳᠠᠯᠳᠤᠭᠠᠨ ᠤ ᠶᠠᠪᠤᠳᠠᠯ᠂ ᠨᠢᠭᠲᠠᠯᠠᠨ ᠪᠣᠳᠣᠭᠴᠢ ᠶᠢᠨ ᠡᠯᠧᠺᠲᠷᠣᠨ | ᠪᠣᠳᠣᠯᠭ᠎ᠠ ᠬᠡᠷᠡᠭᠯᠡᠯᠲᠡ᠂ ᠣᠶᠤᠨᠴᠢ ᠡᠳ᠋ ᠤᠨ ᠵᠠᠰᠠᠭ ᠭᠠᠶᠢᠯᠢ ᠲᠠᠲᠠᠪᠤᠷᠢ ᠵᠡᠷᠭᠡ ᠭᠤᠷᠪᠠᠨ ᠶᠡᠭᠡ ᠲᠥᠷᠥᠯ ᠳᠤ | ᠬᠤᠪᠢᠶᠠᠭᠳᠠᠨ ᠲᠤᠰᠬᠠᠶ ᠣᠷᠣᠨ ᠪᠦᠰᠡ ᠳᠤ ᠡᠮᠬᠢ ᠵᠢᠷᠤᠮ ᠲᠠᠢ ᠶᠠᠪᠤᠭᠳᠠᠵᠤ᠂ ᠣᠷᠣᠯᠳᠤᠭᠠᠨ ᠳᠤ ᠣᠷᠣᠯᠴᠠᠭᠰᠠᠳ | ᠥᠪᠡᠷ ᠥᠪᠡᠷ ᠤᠨ ᠤᠷ᠎ᠠ ᠠᠪᠢᠶᠠᠰ ᠢᠶᠠᠨ ᠭᠦᠢᠴᠡᠣᠨ ᠪᠠᠳᠠᠷᠠᠭᠤᠯᠤᠨ᠂ ᠠᠵᠢᠯᠯᠠᠭ᠎ᠠ ᠢᠳᠡ ᠬᠦᠴᠦ ᠲᠠᠢ | ᠶᠠᠪᠤᠭᠳᠠᠪᠠ᠃ | | | | ᠲᠤᠰ ᠤᠳᠠᠭᠠᠨ ᠤ ᠤᠷᠤᠯᠳᠤᠭᠠᠨ ᠨᠢ ᠪᠦᠬᠦ ᠬᠤᠲᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠲᠥᠪᠯᠡᠷᠡᠩᠭᠦᠶ ᠳᠡᠯᠭᠡᠨ ᠦᠵᠡᠭᠦᠯᠵᠦ ᠠᠵᠢᠯ ᠮᠡᠷᠭᠡᠵᠢᠯ ᠤᠨ | ᠬᠦᠷᠢᠶᠡᠯᠡᠩ ᠰᠤᠷᠭᠠᠭᠤᠯᠢ ᠶᠢᠨ ᠪᠠᠭᠰᠢ ᠰᠤᠷᠤᠭᠴᠢᠳ ᠤᠨ ᠴᠤᠭ ᠪᠠᠳᠠᠷᠠᠩᠭᠤᠶ ᠣᠶᠤᠨ ᠰᠠᠨᠠᠭᠠᠨ ᠤ ᠳᠦᠷᠰᠦ | ᠪᠠᠶᠢᠳᠠᠯ ᠢ ᠪᠦᠬᠦ ᠲᠠᠯ᠎ᠠ ᠪᠠᠷ ᠢᠯᠡᠷᠡᠭᠦᠯᠵᠦ᠂ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠰᠣᠯᠢᠯᠴᠠᠭᠠᠨ ᠤ | ᠰᠢᠯᠢᠳᠡᠭ ᠲᠠᠪᠴᠠᠩ ᠢ ᠪᠠᠶᠢᠭᠤᠯᠣᠨ᠂ ᠪᠠᠭᠰᠢ ᠰᠤᠷᠤᠭᠴᠢᠳ ᠤᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠵᠤ | ᠬᠠᠮᠲᠤᠪᠠᠷ ᠦᠰᠦᠨ ᠪᠤᠶᠢᠵᠢᠬᠤ ᠳᠤ ᠲᠦᠯᠬᠢᠨ ᠠᠬᠢᠭᠤᠯᠬᠤ ᠦᠢᠯᠡᠳᠦᠯ ᠦᠵᠡᠭᠦᠯᠵᠡᠶ᠃ ︵ᠵᠤᠤ ᠶᠠ ᠨᠠᠨ︶ | | |