5 ᠰᠠᠷ᠎ᠠ ᠶᠢᠨ 30 ᠤ ᠡᠳᠦᠷ᠂ ᠠᠷᠤ ᠬᠤᠷᠴᠢᠨ ᠬᠤᠰᠢᠭᠤᠨ ᠤ 2025 ᠣᠨ ᠤ ︽ᠠᠶᠤᠯᠭᠦᠶ | ᠦᠢᠯᠡᠣᠡᠪᠣᠷᠢᠯᠡᠯ ᠤᠨ ᠰᠠᠷ᠎ᠠ︾ ᠶᠢᠨ ᠠᠵᠢᠯᠯᠠᠭᠠᠨ ᠢ ᠡᠬᠢᠯᠡᠭᠦᠯᠬᠦ ᠵᠢᠴᠢ ᠪᠠᠴᠢᠮ ᠪᠠᠶᠢᠳᠡᠯ ᠢ ᠠᠷᠭᠠᠴᠠᠭᠠᠬᠤ ᠠᠮᠤᠷ | ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠤᠨ | ᠢᠯᠡᠷᠬᠡᠶᠢᠯᠡᠯ ᠰᠡᠬᠦᠬᠦ ᠶᠣᠰᠣᠯᠠᠯ ᠬᠤᠰᠢᠭᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠳᠤ | ᠶᠠᠪᠤᠭᠳᠠᠪᠠ᠃ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠪᠠᠶᠢᠩᠭᠤ ᠶᠢᠨ ᠳᠡᠳ᠋ ᠳᠠᠷᠤᠭ᠎ᠠ ᠭᠦᠸᠧ ᠯᠦ ᠮᠧᠩ ᠪᠣᠯᠤᠨ ᠬᠤᠰᠢᠭᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠡᠶᠢᠭᠡᠮᠯᠢᠭ ᠤᠨ ᠭᠤᠤᠯ ᠬᠠᠷᠢᠭᠤᠴᠠᠯᠭᠠᠲᠠᠨ ᠬᠠᠮᠲᠤ ᠪᠠᠷ ᠰᠠᠭᠤᠷᠢᠨ ᠭᠠᠵᠠᠷ ᠤᠨ ᠢᠯᠡᠷᠬᠡᠶᠢᠯᠡᠯ ᠢ ᠰᠡᠬᠦᠪᠡ᠃ | | | | | | ᠡᠨᠡ ᠵᠢᠯ ᠤᠨ 6 ᠳ᠋ᠤᠭᠠᠷ ᠰᠠᠷ᠎ᠠ ᠪᠣᠯ ᠪᠥᠬᠦ ᠤᠯᠤᠰ ᠤᠨ 24 ᠳᠠᠬᠢ ︽ᠠᠶᠤᠯᠭᠦᠶ ᠦᠢᠯᠡᠣᠡᠪᠣᠷᠢᠯᠡᠯ ᠤᠨ | ᠰᠠᠷ᠎ᠠ︾ ᠪᠠᠶᠢᠵᠤ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ ᠬᠥᠮᠦᠨ ᠪᠣᠯᠭᠠᠨ ᠪᠠᠴᠢᠮ ᠪᠠᠶᠢᠳᠠᠯ ᠢ | ᠠᠷᠭᠠᠴᠠᠭᠠᠵᠤ ᠴᠢᠳᠠᠬᠤ ᠴᠢᠬᠤᠯᠠᠲᠠᠶ — ᠳᠡᠷᠭᠡᠳᠡᠬᠢ ᠠᠮᠤᠷ ᠲᠦᠪᠰᠢᠨ ᠤ ᠭᠡᠮ ᠰᠣᠭᠤᠭ ᠢᠶᠠᠨ ᠪᠠᠶᠢᠴᠠᠭᠠᠶ᠎ᠠ︾ | ᠭᠡᠬᠦ ᠪᠠᠷ ᠭᠤᠤᠯ ᠰᠡᠳᠦᠪ ᠪᠣᠯᠭᠠᠪᠠ᠃ ᠰᠢᠨ᠎ᠡ ᠪᠠᠷ ᠡᠬᠢᠯᠡᠭᠦᠯᠦᠨ ᠢᠯᠡᠷᠬᠡᠶᠢᠯᠡᠯ ᠰᠡᠬᠦᠭᠰᠡᠨ ᠰᠠᠭᠤᠷᠢᠨ ᠭᠠᠵᠠᠷ ᠪᠣᠯ | ᠠᠮᠤᠷ ᠲᠦᠪᠰᠢᠨ ᠬᠥᠭᠵᠢᠯᠲᠡ ᠶᠢᠨ ᠣᠨᠣᠯᠵᠢᠬᠤᠨ ᠢ ᠨᠠᠶᠢᠳᠠᠪᠤᠷᠢᠵᠢᠭᠤᠯᠵᠤ᠂ ᠪᠥᠬᠦ ᠠᠷᠠᠳ ᠤᠨ ᠠᠮᠤᠷ | ᠲᠦᠪᠰᠢᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ ᠰᠠᠭᠤᠷᠢᠨ | ᠭᠠᠵᠠᠷ ᠨᠢ ᠣᠯᠠᠨ ᠨᠡᠶᠢᠲᠡ ᠶᠢᠨ ᠠᠮᠤᠷ ᠲᠦᠪᠰᠢᠨ ᠤ ᠮᠡᠳᠡᠯᠭᠡ ᠶᠢᠨ ᠲᠦᠭᠡᠮᠡᠯᠵᠢᠭᠦᠯᠦᠯᠲᠡ ᠪᠠ ᠥᠪᠡᠷ ᠢ ᠪᠠᠨ | ᠠᠪᠤᠷᠠᠬᠤ ᠴᠢᠳᠠᠪᠤᠷᠢ ᠶᠢᠨ ᠳᠡᠭᠡᠭᠰᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ ᠪᠠᠶᠢᠩᠭᠤᠵᠢᠭᠰᠠᠨ ᠰᠢᠨᠵᠢᠯᠡᠬᠦ | ᠤᠬᠠᠭᠠᠨ ᠤ ᠲᠦᠭᠡᠮᠡᠯᠵᠢᠭᠦᠯᠦᠯᠲᠡ ᠶᠢᠨ ᠬᠥᠮᠦᠵᠢᠯ ᠢᠶᠠᠷ ᠳᠠᠮᠵᠢᠨ ᠪᠦᠬᠦ ᠠᠷᠠᠳ ᠤᠨ ᠠᠮᠤᠷ ᠲᠦᠪᠰᠢᠨ ᠤ | ᠰᠣᠶᠣᠯ ᠤᠨ ᠠᠭᠤᠷ ᠠᠮᠢᠰᠬᠤᠯ ᠢ ᠬᠦᠴᠦᠯᠡᠨ ᠪᠠᠶᠢᠭᠤᠯᠵᠤ ᠠᠶᠤᠯᠭᠦᠶ ᠦᠢᠯᠡᠣᠡᠪᠣᠷᠢᠯᠡᠯ ᠤᠨ ᠤᠯᠠᠨ ᠲᠦᠮᠡᠨᠴᠢ | ᠰᠠᠭᠤᠷᠢ ᠶᠢ ᠪᠠᠬᠢᠵᠢᠭᠦᠯᠬᠦ ᠪᠣᠯᠤᠨ᠎ᠠ᠃ | | | | | | ᠢᠯᠡᠷᠬᠡᠶᠢᠯᠡᠯ ᠰᠡᠬᠦᠬᠦ ᠶᠣᠰᠣᠯᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠣᠷᠳᠣᠨ ᠪᠣᠯᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ | ᠠᠩᠭᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠭᠰᠠᠭᠠᠯ ᠤᠨ ᠭᠠᠵᠠᠷ ᠢ ᠲᠣᠭᠤᠷᠢᠨ ᠦᠵᠡᠵᠦ᠂ ᠡᠯ᠎ᠡ | ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠥᠬᠦᠭᠡᠷᠦᠮᠵᠢ ᠶᠢᠨ ᠲᠤᠬᠠᠶ ᠣᠶᠢᠯᠠᠭᠠᠭᠰᠠᠨ | ᠪᠥᠭᠡᠳ WR ᠳᠠᠭᠤᠷᠢᠶᠠᠮᠠᠯ ᠲᠠᠯᠠᠪᠤᠷ ᠦᠵᠡᠭᠳᠡᠯ ᠢ ᠪᠡᠶᠡᠴᠢᠯᠡᠨ ᠣᠶᠢᠯᠠᠭᠠᠵᠠᠶ᠃ ᠬᠤᠶᠢᠰᠢᠳᠠ᠂ ᠰᠠᠭᠤᠷᠢᠨ | ᠭᠠᠵᠠᠷ ᠨᠢ ᠠᠮᠤᠷ ᠲᠦᠪᠰᠢᠨ ᠤ ᠮᠡᠳᠡᠯᠭᠡ ᠶᠢ ᠦᠨᠳᠦᠰᠦᠨ ᠱᠠᠳᠤᠨ ᠳᠤ ᠭᠦᠡᠵᠡᠭᠡᠶᠢᠷᠡᠬᠦᠯᠬᠦ ᠶᠢ ᠲᠦᠯᠬᠢᠨ | ᠠᠬᠢᠭᠤᠯᠵᠤ᠂ ︽ᠠᠮᠤᠷ ᠠᠮᠤᠭᠤᠯᠠᠩ ᠠᠷᠤ ᠬᠤᠷᠴᠢᠨ ᠬᠤᠰᠢᠭᠤ︾ ᠶᠢᠨ ᠪᠦᠲᠦᠭᠡᠨ ᠪᠠᠶᠢᠭᠤᠯᠤᠯᠲᠠ ᠳᠤ | ᠦᠢᠯᠡᠴᠢᠯᠡᠬᠦ ᠪᠣᠯᠤᠨ᠎ᠠ᠃ ︵ᠰᠠᠶᠢᠬᠠᠡᠬᠤᠸᠠᠷ︶ | | | | |