ᠤᠯᠠᠭᠠᠨᠬᠠᠳᠠ ᠬᠤᠲᠠ ᠶᠢᠨ S210 ᠱᠤᠭᠤᠮ ᠤᠨ K361 + 698 - K414 + 028 ᠬᠡᠰᠡᠭ | ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠠᠵᠢᠯ ᠤᠨ ᠬᠡᠷᠡᠭᠴᠡᠭᠡ ᠠᠴᠠ ᠪᠣᠯᠵᠤ᠂ ᠰᠠᠶᠢᠨ ᠰᠠᠶᠢᠬᠠᠨ | ᠪᠠᠷᠢᠯᠭ᠎ᠠ ᠶᠢᠨ ᠣᠷᠴᠢᠨ ᠢ ᠪᠤᠢ ᠪᠣᠯᠭᠠᠵᠤ᠂ ᠡᠷᠭᠢᠨ ᠲᠣᠭᠤᠷᠢᠨ ᠤ ᠵᠠᠮ ᠬᠠᠷᠢᠯᠴᠠᠭᠠᠨ ᠤ ᠠᠮᠤᠷ ᠲᠦᠪᠰᠢᠨ ᠪᠥᠭᠡᠳ | ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ︾ ᠤᠨ ᠬᠠᠮᠢᠶ᠎ᠠ ᠪᠦᠬᠦᠶ | ᠲᠣᠭᠲᠠᠭᠠᠯ ᠢ ᠦᠨᠳᠦᠰᠦᠯᠡᠨ᠂ ᠮᠤᠵᠢ ᠶᠢᠨ ᠳᠡᠰ ᠤᠨ ᠵᠠᠰᠠᠮᠠᠯ ᠵᠠᠮ ᠤᠨ 210 ᠱᠤᠭᠤᠮ ᠤᠨ ᠪᠠᠷᠢᠯᠭ᠎ᠠ ᠶᠢᠨ | ᠠᠵᠢᠯ ᠤᠨ ᠨᠥᠯᠥᠭᠡᠯᠡᠬᠦ ᠣᠷᠣᠨ ᠪᠦᠰᠡ ᠶᠢᠨ ᠵᠠᠮ ᠤᠨ ᠭᠡᠰᠡᠭ ᠢ ᠪᠦᠬᠦᠨ ᠢ ᠪᠢᠲᠡᠭᠦᠮᠵᠢᠯᠡᠬᠦ ᠪᠠᠷ ᠪᠣᠯᠪᠠ᠃ ᠡᠳᠦᠭᠡ | ᠬᠤᠯᠪᠣᠭᠳᠠᠯ ᠪᠦᠬᠦᠢ ᠵᠦᠢᠯᠡᠰ ᠢ ᠳᠤᠤᠷᠠᠬᠢ ᠮᠡᠲᠦ ᠵᠠᠷᠯᠠᠨ ᠮᠡᠳᠡᠭᠲᠡᠶᠡ᠄ | ᠨᠢᠭᠡ᠂ ᠪᠢᠲᠡᠭᠦᠮᠵᠢᠯᠡᠬᠦ ᠵᠠᠮ ᠤᠨ ᠬᠡᠰᠡᠭ | ᠮᠤᠵᠢ ᠶᠢᠨ ᠳᠡᠰ ᠤᠨ ᠵᠠᠰᠠᠮᠠᠯ ᠵᠠᠮ ᠤᠨ 210 ᠱᠤᠭᠤᠮ ᠤᠨ K361+ 698 - K414 + 028 | ᠬᠡᠰᠡᠭ ︵ᠫᠠᠨ ᠵᠢᠶᠠ ᠸᠠᠨ ᠠᠴᠠ ᠲᠦᠩᠰᠢ ᠬᠦᠷᠬᠦ ᠭᠡᠰᠡᠭ︶᠃ | ᠬᠤᠶᠠᠷ᠂ ᠪᠢᠲᠡᠭᠦᠮᠵᠢᠯᠡᠬᠦ ᠠᠷᠭ᠎ᠠ ᠬᠡᠯᠪᠡᠷᠢ | ᠵᠠᠮ ᠬᠠᠷᠢᠯᠴᠠᠭ᠎ᠠ ᠶᠢ ᠪᠦᠬᠦ ᠥᠷᠭᠡᠴᠡ ᠶᠢᠨ ᠬᠡᠪᠴᠢᠶ᠎ᠡ ᠪᠠᠷ ᠪᠢᠲᠡᠭᠦᠮᠵᠢᠯᠡᠨ᠎ᠡ᠃ | ᠭᠤᠷᠪᠠ᠂ ᠪᠢᠲᠡᠭᠦᠮᠵᠢᠯᠡᠬᠦ ᠴᠠᠭ ᠬᠤᠭᠤᠴᠠᠭ᠎ᠠ | 2025 ᠣᠨ ᠤ 5 ᠰᠠᠷ᠎ᠠ ᠶᠢᠨ 15 ᠤ ᠡᠳᠦᠷ ᠤᠨ 0 ᠴᠠᠭ ᠠᠴᠠ ᠡᠬᠢᠯᠡᠨ 2025 ᠣᠨ ᠤ 9 | ᠰᠠᠷ᠎ᠠ ᠶᠢᠨ 30 ᠤ ᠡᠳᠦᠷ ᠤᠨ 24 ᠴᠠᠭ ᠪᠣᠯᠲᠠᠯ᠎ᠠ᠃ ︵ᠲᠡᠷᠭᠡ ᠨᠡᠪᠲᠡᠷᠡᠬᠦ ᠪᠣᠳᠠᠲᠠᠶ ᠴᠠᠭ ᠢ ᠪᠠᠷᠢᠯᠭ᠎ᠠ | ᠲᠤᠰᠢᠶᠠᠬᠤ ᠪᠣᠳᠠᠲᠠᠶ ᠡᠳᠦᠷ ᠰᠠᠷ᠎ᠠ ᠪᠠᠷ ᠪᠠᠷᠢᠮᠵᠢᠶ᠎ᠡ ᠪᠣᠯᠭᠠᠨ᠎ᠠ︶ | ᠳᠥᠷᠪᠡ᠂ ᠲᠣᠭᠤᠷᠢᠨ ᠥᠩᠭᠡᠷᠡᠬᠦ ᠲᠥᠰᠦᠯ | ︵ᠨᠢᠭᠡ︶ ᠵᠠᠮ ᠬᠠᠷᠢᠯᠴᠠᠭ᠎ᠠ ᠶᠢ ᠪᠢᠲᠡᠭᠦᠮᠵᠢᠯᠡᠬᠦ ᠬᠤᠭᠤᠴᠠᠭᠠᠨ ᠳᠤ ᠮᠤᠵᠢ ᠶᠢᠨ ᠳᠡᠰ ᠤᠨ ᠵᠠᠰᠠᠮᠠᠯ | ᠵᠠᠮ ᠤᠨ 210 ᠱᠤᠭᠤᠮ ᠤᠨ ᠪᠠᠷᠢᠯᠭ᠎ᠠ ᠶᠢᠨ ᠠᠵᠢᠯ ᠤᠨ ᠨᠥᠯᠥᠭᠡᠯᠡᠬᠦ ᠣᠷᠣᠨ ᠪᠦᠰᠡ ᠶᠢᠨ ᠵᠠᠮ ᠤᠨ ᠬᠡᠰᠡᠭ ᠢᠶᠠᠷ | ᠥᠩᠭᠡᠷᠡᠬᠦ ᠣᠩᠨᠢᠭᠤᠳ ᠬᠤᠰᠢᠭᠤᠨ ᠤ ᠰᠢᠨᠡᠰᠦ᠋ᠮ᠎ᠡ ᠰᠤᠮᠤ ᠴᠢᠭᠯᠡᠯ ᠤᠨ ᠲᠡᠷᠭᠡ ᠬᠥᠰᠬᠡ G303 ᠤᠯᠤᠰ ᠤᠨ | ᠳᠡᠰ ᠤᠨ ᠵᠠᠰᠠᠮᠠᠯ ᠵᠠᠮ ︵ᠫᠠᠨ ᠵᠢᠶᠠ ᠸᠠᠨ ᠠᠴᠠ ᠴᠢᠩ ᠾᠧ ᠽᠢ ᠬᠦᠷᠬᠦ ᠬᠡᠰᠡᠭ︶ - - Y310 ᠰᠢᠶᠠᠩ ᠤᠨ | ᠳᠡᠰ ᠤᠨ ᠵᠠᠰᠠᠮᠠᠯ ᠵᠠᠮ ︵ᠴᠢᠩ ᠾᠧ ᠽᠢ ᠠᠴᠠ ᠲᠦᠩᠰᠢ ᠬᠦᠷᠬᠦ ᠬᠡᠰᠡᠭ ) ᠢᠶᠠᠷ ᠲᠣᠭᠤᠷᠢᠵᠤ ᠶᠠᠪᠤᠭᠠᠷᠠᠶ᠃ | ︵ᠬᠤᠶᠠᠷ︶ ᠵᠠᠮ ᠬᠠᠷᠢᠯᠴᠠᠭ᠎ᠠ ᠶᠢ ᠪᠢᠲᠡᠭᠦᠮᠵᠢᠯᠡᠬᠦ ᠬᠤᠭᠤᠴᠠᠭᠠᠨ ᠳᠤ ᠮᠤᠵᠢ ᠶᠢᠨ ᠳᠡᠰ ᠤᠨ ᠵᠠᠰᠠᠮᠠᠯ | ᠵᠠᠮ ᠤᠨ 210 ᠱᠤᠭᠤᠮ ᠤᠨ ᠪᠠᠷᠢᠯᠭ᠎ᠠ ᠶᠢᠨ ᠠᠵᠢᠯ ᠤᠨ ᠨᠥᠯᠥᠭᠡᠯᠡᠬᠦ ᠣᠷᠣᠨ ᠪᠦᠰᠡ ᠶᠢᠨ ᠵᠠᠮ ᠤᠨ ᠭᠡᠰᠡᠭ ᠢᠶᠠᠷ | ᠥᠩᠭᠡᠷᠡᠬᠦ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤ ᠴᠢᠭᠯᠡᠯ ᠤᠨ ᠲᠡᠷᠭᠡ ᠬᠥᠰᠬᠡ Y310 ᠰᠢᠶᠠᠩ ᠤᠨ | ᠳᠡᠰ ᠤᠨ ᠵᠠᠰᠠᠮᠠᠯ ᠵᠠᠮ ︵ᠳᠦᠩᠰᠢ ᠠᠴᠠ ᠴᠢᠩ ᠾᠧ ᠽᠢ ᠬᠦᠷᠬᠦ ᠬᠡᠰᠡᠭ︶ - - G303 ᠤᠯᠤᠰ ᠤᠨ | ᠳᠡᠰ ᠤᠨ ᠵᠡᠰᠠᠮᠠᠯ ᠵᠠᠮ ︵ᠴᠢᠩ ᠾᠧ ᠽᠢ ᠠᠴᠠ ᠫᠠᠨ ᠵᠢᠶᠠ ᠸᠠᠨ ᠬᠦᠷᠬᠦ ᠬᠡᠰᠡᠭ︶ ᠢᠶᠠᠷ ᠲᠣᠭᠤᠷᠢᠵᠤ ᠶᠠᠪᠤᠭᠠᠷᠠᠶ᠃ | | ᠵᠠᠮ ᠬᠠᠷᠢᠯᠴᠠᠭ᠎ᠠ ᠶᠢ ᠪᠢᠲᠡᠭᠦᠮᠵᠢᠯᠡᠬᠦ ᠬᠤᠭᠤᠴᠠᠭᠠᠨ ᠳᠤ᠂ ᠥᠷᠭᠡᠨ ᠣᠯᠠᠨ ᠲᠦᠮᠡᠨ ᠭᠠᠳᠠᠭᠰᠢ ᠭᠠᠷᠬᠤ | ᠲᠥᠯᠥᠪᠵᠢᠭᠦᠯᠭᠡ ᠪᠠᠨ ᠤᠷᠢᠳᠴᠢᠯᠠᠨ ᠰᠠᠶᠢᠲᠤᠷ ᠬᠢᠵᠦ᠂ ᠠᠶᠠᠯᠠᠯ ᠤᠨ ᠵᠠᠮ ᠱᠤᠭᠤᠮ ᠢᠶᠠᠨ ᠵᠣᠬᠢᠰᠲᠠᠶ | ᠲᠣᠬᠢᠷᠠᠭᠤᠯᠤᠭᠠᠷᠠᠶ᠃ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠳᠥᠭᠦᠮ ᠪᠤᠰᠤ ᠠᠪᠴᠢᠷᠠᠬᠤ ᠲᠤᠯᠠ | ᠠᠭᠤᠴᠢᠯᠠᠯ ᠭᠤᠶᠤᠵᠤ ᠳᠡᠮᠵᠢᠯᠭᠡ ᠦᠵᠡᠭᠦᠯᠬᠦ ᠶᠢ ᠬᠥᠰᠡᠶ᠎ᠡ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | | ᠠᠷᠤ ᠬᠤᠷᠴᠢᠨ ᠬᠤᠰᠢᠭᠤᠨ ᠤ ᠵᠠᠮ ᠬᠠᠷᠢᠯᠴᠠᠭᠠᠨ ᠤ ᠵᠠᠮ ᠲᠡᠭᠡᠭᠡᠪᠦᠷᠢ ᠶᠢᠨ ᠲᠣᠪᠴᠢᠶ᠎ᠠ | ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | 2025 ᠣᠨ ᠤ 4 ᠰᠠᠷ᠎ᠠ ᠶᠢᠨ 29 ᠤ ᠡᠳᠦᠷ |