ᠠᠷᠤ ᠬᠤᠷᠴᠢᠨ ᠬᠤᠰᠢᠭᠤ 78 ᠳᠠᠬᠢ ︽ᠳᠡᠯᠡᠬᠡᠶ ᠶᠢᠨ ᠤᠯᠠᠭᠠᠨ ᠵᠠᠭᠠᠯᠮᠠᠶᠢᠲᠠᠨ ᠤ ᠡᠳᠦᠷ︾ ᠢ ᠳᠤᠷᠠᠰᠬᠠᠬᠤ ᠲᠦᠭᠡᠮᠡᠯ ᠬᠠᠶᠢᠷ᠎ᠡ ᠶᠢᠨ ᠭᠠᠷᠠᠭ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/9
       5 ᠰᠠᠷ᠎ᠠ ᠶᠢᠨ 8 ᠤ ᠡᠳᠦᠷ᠂ ᠠᠷᠤ ᠬᠤᠷᠴᠢᠨ ᠬᠤᠰᠢᠭᠤ 78 ᠳᠠᠬᠢ ︽ᠳᠡᠯᠡᠬᠡᠶ ᠶᠢᠨ ᠤᠯᠠᠭᠠᠨ ᠵᠠᠭᠠᠯᠮᠠᠶᠢᠲᠠᠨ ᠤ ᠡᠳᠦᠷ︾ ᠢ ᠳᠤᠷᠠᠰᠬᠠᠬᠤ ᠲᠦᠭᠡᠮᠡᠯ ᠬᠠᠶᠢᠷ᠎ᠠ ᠶᠢᠨ ᠭᠠᠷᠠᠭ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
       ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ ᠠᠰᠠᠭᠤᠨ ᠯᠠᠪᠯᠠᠬᠤ ᠲᠠᠪᠴᠠᠩ ᠲᠣᠬᠢᠷᠠᠭᠤᠯᠬᠤ᠂ ᠬᠥᠨᠳᠡᠯᠡᠨ ᠪᠢᠴᠢᠭᠡᠰᠦ ᠡᠯᠭᠦᠬᠦ᠂ ᠦᠵᠡᠭᠦᠯᠭᠡ ᠶᠢᠨ ᠰᠠᠮᠪᠠᠷ᠎ᠠ ᠭᠠᠷᠭᠠᠬᠤ ᠵᠡᠷᠭᠡ ᠬᠡᠯᠪᠡᠷᠢ ᠪᠠᠷ ᠤᠬᠠᠭᠤᠯᠭ᠎ᠠ ᠥᠷᠨᠢᠭᠦᠯᠬᠦ ᠶᠢᠨ ᠬᠠᠮᠲᠤ᠂ ᠤᠯᠠᠨ ᠲᠦᠮᠡᠨ ᠳᠤ 500 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ᠂ 300 ᠭᠠᠷᠤᠶ ᠬᠤᠪᠢ ᠦᠨᠳᠦᠰᠦᠲᠡᠨ ᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠪᠠ᠃ ᠲᠤᠬᠠᠶ ᠶᠢᠨ ᠲᠠᠯᠠᠪᠠᠢ ᠳᠤ  ᠵᠢᠷᠦᠬᠡ ᠠᠭᠤᠰᠬᠢᠨ ᠤ ᠰᠡᠷᠭᠦᠯᠲᠡ᠂ ᠠᠮᠢᠰᠬᠤᠯ ᠤᠨ ᠵᠠᠮ ᠤᠨ ᠬᠠᠷᠰᠢ ᠪᠣᠳᠠᠰ ᠤᠨ ᠲᠦᠭᠵᠢᠷᠡᠯ ᠠᠴᠠ ᠲᠦᠷᠭᠡᠨ ᠠᠪᠤᠷᠠᠬᠤ ᠪᠠ ᠤᠳᠤᠭᠠᠨ ᠤ ᠵᠠᠮ ᠢᠶᠠᠷ ᠠᠮᠢ ᠵᠢᠭᠤᠲᠠᠬᠤ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠠᠪᠣᠷᠡᠨ ᠲᠤᠰᠠᠯᠠᠬᠤ ᠤᠷ᠎ᠠ ᠴᠢᠳᠠᠪᠤᠷᠢ  ᠶᠢ ᠠᠮᠢᠳᠤᠯᠢᠭ  ᠢᠶᠠᠷ ᠵᠢᠭᠠᠨ  ᠦᠵᠡᠭᠦᠯᠵᠦ᠂  ᠣᠯᠠᠨ  ᠲᠦᠮᠡᠨ ᠢ  ᠤᠷᠢᠵᠤ  ᠪᠡᠶᠡᠴᠢᠯᠡᠨ  ᠣᠶᠢᠯᠠᠭᠠᠬᠤ  ᠳᠤ  ᠣᠷᠣᠯᠴᠠᠭᠤᠯᠪᠠ᠃ ᠡᠭᠦᠨ ᠤ ᠬᠠᠮᠲᠤ᠂ ᠪᠠᠰᠠ ᠣᠯᠠᠨ ᠲᠦᠮᠡᠨ ᠳᠤ ᠠᠯᠪᠠᠨ ᠵᠢᠷᠤᠮ ᠤᠨ ᠡᠮᠴᠢᠯᠡᠭᠡ ᠬᠢᠵᠦ᠂ ᠡᠷᠡᠭᠦᠯ ᠮᠡᠨᠳᠦ ᠶᠢᠨ ᠵᠥᠪᠯᠡᠯᠭᠡ ᠥᠭᠴᠦ᠂  ᠰᠢᠨᠵᠢᠯᠡᠬᠦ ᠤᠬᠠᠭᠠᠨ᠂ ᠠᠮᠤᠷ ᠲᠦᠪᠰᠢᠨ᠂ ᠵᠠᠮ ᠬᠠᠷᠢᠯᠴᠠᠭᠠᠨ ᠤ ᠬᠠᠤᠯᠢ ᠲᠣᠭᠲᠠᠭᠠᠯ ᠵᠡᠷᠭᠡ ᠬᠡᠷᠡᠭᠯᠡᠭᠡᠨ ᠤ ᠮᠡᠳᠡᠯᠭᠡ ᠶᠢ ᠲᠦᠭᠡᠮᠡᠯᠵᠢᠭᠦᠯᠵᠦ᠂ 400 ᠭᠠᠷᠤᠶ ᠬᠥᠮᠦᠨ ᠤᠳᠠᠭ᠎ᠠ ᠶᠢᠨ ᠠᠰᠠᠭᠤᠨ ᠯᠠᠪᠯᠠᠭ᠎ᠠ ᠪᠠ ᠠᠯᠪᠠᠨ ᠵᠢᠷᠤᠮ ᠤᠨ ᠡᠮᠴᠢᠯᠡᠭᠡ ᠥᠷᠨᠢᠭᠦᠯᠪᠡ᠃
       ︽ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢᠨ ᠭᠠᠷᠠᠭ︾ ᠤᠨ ᠬᠤᠭᠤᠴᠠᠭᠠᠨ ᠳᠤ ᠪᠠᠰᠠ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠪᠣᠯᠪᠠᠰᠤᠷᠠᠯ ᠢ ᠨᠡᠶᠢᠭᠡᠮ ᠲᠣᠭᠤᠷᠢᠭ ᠲᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ ᠵᠡᠷᠭᠡ ︽ᠲᠠᠪᠤ ᠶᠢ ᠣᠷᠣᠭᠤᠯᠬᠤ︾ ᠠᠵᠢᠯᠯᠠᠭ᠎ᠠ ᠵᠢᠴᠢ AED ᠶᠢ ᠪᠠᠶᠢᠷᠢᠯᠠᠭᠤᠯᠬᠤ ᠠᠵᠢᠯ ᠢ ᠠᠬᠢᠭᠤᠯᠬᠤ ᠶᠢᠨ ᠬᠠᠮᠲᠤ᠂ ᠣᠯᠠᠨ ᠦᠨᠳᠦᠰᠦᠲᠡᠨ ᠤ ᠰᠠᠶᠢᠨ ᠲᠤᠷᠠᠴᠤᠳ ᠢ ᠵᠣᠬᠢᠶᠠᠨ ᠪᠠᠶᠢᠭᠤᠯᠵᠤ ᠬᠠᠮᠲᠤᠪᠠᠷ ᠭᠤᠤᠨᠢ ᠭᠠᠭᠴᠠ ᠨᠠᠰᠤᠲᠠᠨ ᠢ ᠬᠠᠯᠠᠮᠵᠢᠯᠠᠬᠤ᠂ ᠬᠦᠴᠢᠷᠳᠡᠯᠲᠡᠶ ᠭᠡᠷ ᠪᠦᠯᠢ ᠶᠢ ᠬᠠᠪᠰᠤᠷᠤᠨ ᠲᠡᠳᠬᠦᠬᠦ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠠᠯᠢ ᠣᠯᠠᠨ ᠯᠠᠪᠳᠠᠭᠤᠨ ᠪᠠᠲᠤᠲᠠᠶ ᠠᠵᠢᠯᠯᠠᠭ᠎ᠠ ᠪᠠᠷ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠦᠢᠯᠡᠳᠣᠯᠭᠡᠵᠢᠭᠦᠯᠤᠨ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠬᠥᠮᠦᠯᠢᠭ ᠦᠵᠡᠯ ᠤᠨ ᠬᠠᠯᠠᠮᠵᠢᠯᠠᠯ ᠳᠤᠮᠳᠠ ᠬᠡᠭᠡᠨᠴᠢᠷ ᠭᠤᠶᠤ ᠳᠡᠯᠭᠡᠷᠡᠭᠦᠯᠵᠦ᠂ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠶᠢ ᠰᠠᠬᠢᠨ ᠬᠠᠮᠠᠭᠠᠯᠠᠵᠤ᠂ ᠨᠡᠶᠢᠭᠡᠮ ᠤᠨ ᠡᠶ᠎ᠡ ᠵᠣᠬᠢᠴᠠᠩᠭᠤᠶ ᠠᠮᠤᠷ ᠲᠣᠭᠲᠠᠭᠤᠨ ᠢ ᠠᠬᠢᠭᠤᠯᠬᠤ ᠳᠤ ᠦᠷᠭᠦᠯᠵᠢᠯᠡᠨ ᠬᠦᠴᠦᠯᠡᠬᠦ ᠪᠣᠯᠤᠨ᠎ᠠ᠃ ︵ᠤᠷᠭᠤᠮᠠᠯ᠂ ᠰᠠᠷᠠᠨᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号