ᠠᠷᠤ ᠬᠤᠷᠴᠢᠨ ᠬᠤᠰᠢᠭᠤᠨ ᠤ ᠰᠢᠭᠦᠬᠦ ᠬᠤᠷᠢᠶ᠎ᠠ ᠲᠦᠩᠯᠢᠶᠣᠤ ᠶᠢᠨ ᠲᠡᠮᠦᠷ ᠵᠠᠮ ᠤᠨ ᠲᠡᠭᠡᠭᠡᠪᠦᠷᠢ ᠶᠢᠨ ᠰᠢᠭᠦᠬᠦ ᠬᠤᠷᠢᠶ᠎ᠠ ᠲᠠᠢ ᠬᠤᠯᠪᠣᠭᠠᠯᠠᠨ ᠣᠷᠴᠢᠨ ᠠᠬᠤᠶ ᠶᠢᠨ ᠡᠳᠦᠷ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/10
       ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠣᠶᠢᠯᠠᠭᠠᠡᠡᠳᠠᠬᠤᠨ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠴᠢᠨ ᠠᠬᠤᠶ ᠶᠢᠨ ᠡᠬᠢ ᠪᠠᠶᠠᠯᠢᠭ ᠤᠨ ᠰᠢᠭᠦᠨ ᠲᠠᠰᠤᠯᠬᠤ ᠠᠵᠢᠯ ᠢ ᠴᠢᠩᠭᠠᠳᠬᠠᠨ᠂ ᠬᠠᠤᠯᠢ ᠪᠠᠷᠢᠬᠤ ᠪᠣᠯᠤᠨ ᠬᠠᠤᠯᠢ ᠬᠡᠷᠡᠭᠵᠢᠭᠦᠯᠬᠦ ᠬᠠᠮᠵᠢᠯᠴᠠᠭ᠎ᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠣᠷᠴᠢᠨ ᠠᠬᠤᠶ ᠶᠢᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ᠂ 54 ᠳᠠᠬᠢ ︽6 · 5︾ ᠶᠢᠨ ᠳᠡᠯᠡᠬᠡᠶ ᠶᠢᠨ ᠣᠷᠴᠢᠨ ᠠᠬᠤᠶ ᠶᠢᠨ ᠡᠳᠦᠷ ᠢ ᠲᠣᠬᠢᠶᠠᠯᠳᠤᠭᠤᠯᠤᠨ᠂ ᠠᠷᠤ ᠬᠤᠷᠴᠢᠨ ᠬᠤᠰᠢᠭᠤᠨ ᠤ ᠰᠢᠭᠦᠬᠦ ᠬᠤᠷᠢᠶ᠎ᠠ ᠬᠢᠭᠡᠳ ᠲᠦᠩᠯᠢᠶᠣᠤ ᠶᠢᠨ ᠲᠡᠮᠦᠷ ᠵᠠᠮ ᠤᠨ ᠲᠡᠭᠡᠭᠡᠪᠦᠷᠢ ᠶᠢᠨ ᠰᠢᠭᠦᠬᠦ ᠬᠤᠷᠢᠶ᠎ᠠ ᠬᠠᠮᠲᠤᠷᠠᠨ ︽ᠬᠠᠤᠯᠢ ᠪᠠᠷ ᠨᠣᠮᠢᠨ ᠨᠣᠭᠤᠭᠠᠨ ᠡᠬᠡ ᠪᠠᠶᠢᠭᠠᠯᠢ ᠪᠠᠨ ᠬᠠᠮᠠᠭᠠᠯᠠᠬᠤ · ᠠᠮᠢ ᠠᠬᠤᠶ ᠶᠢ ᠬᠠᠮᠵᠢᠯᠴᠠᠨ ᠴᠣᠭᠴᠠᠯᠠᠬᠤ︾ ᠰᠢᠷᠢᠰ ᠠᠵᠢᠯᠯᠠᠭ᠎ᠠ ᠥᠷᠨᠢᠭᠦᠯᠪᠡ᠃
       ᠠᠷᠤ ᠬᠤᠷᠴᠢᠨ ᠬᠤᠰᠢᠭᠤᠨ ᠤ ᠰᠢᠭᠦᠬᠦ ᠬᠤᠷᠢᠶ᠎ᠠ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠵᠣᠬᠢᠶᠠᠨ ᠪᠠᠶᠢᠭᠤᠯᠤᠯᠲᠠ ᠵᠢᠴᠢ ᠣᠯᠠᠨ ᠲᠦᠮᠡᠨ ᠤ ᠲᠥᠯᠥᠭᠡᠯᠡᠭᠴᠢ ᠶᠢ ᠤᠷᠢᠵᠤ ᠠᠮᠢ ᠠᠬᠤᠶ ᠣᠷᠴᠢᠨ ᠠᠬᠤᠶ ᠶᠢᠨ ᠲᠤᠰᠬᠠᠶ ᠰᠡᠳᠦᠪᠲᠦ ᠬᠠᠤᠯᠢ ᠪᠠᠷ ᠵᠠᠰᠠᠬᠤ ᠤᠬᠠᠭᠤᠯᠤᠨ ᠲᠠᠶᠢᠯᠪᠣᠷᠢᠯᠠᠬᠤ ᠠᠵᠢᠯᠯᠠᠭ᠎ᠠ ᠳᠤ ᠣᠷᠣᠯᠴᠠᠭᠤᠯᠪᠠ᠂ ᠠᠵᠢᠯᠯᠠᠭ᠎ᠠ ᠶᠢᠨ ᠳᠤᠮᠳᠠ᠂ ᠲᠦᠩᠯᠢᠶᠣᠤ ᠶᠢᠨ ᠲᠡᠮᠦᠷ ᠵᠠᠮ ᠤᠨ ᠲᠡᠭᠡᠭᠡᠪᠦᠷᠢ ᠶᠢᠨ ᠰᠢᠭᠦᠬᠦ ᠬᠤᠷᠢᠶᠠᠨ ᠤ ᠬᠠᠷᠢᠭᠤᠴᠠᠯᠭᠠᠲᠠᠨ ᠲᠤᠰ ᠪᠡᠶ᠎ᠡ ᠶᠢᠨ ᠬᠠᠤᠯᠢ ᠴᠠᠭᠠᠵᠠ ᠶᠢᠨ  ᠦᠢᠯᠡᠳᠣᠯᠭᠡ ᠵᠢᠴᠢ ᠠᠮᠢᠳᠤᠷᠠᠯ ᠳᠤ ᠦᠢᠷᠡᠳᠤᠭᠰᠠᠨ ᠨᠡᠶᠢᠳᠡᠯᠢᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠠᠮᠢ ᠠᠬᠤᠢ ᠣᠷᠴᠢᠨ ᠲᠣᠭᠤᠷᠢᠨ ᠢ ᠡᠪᠳᠡᠭᠰᠡᠨ ᠤ ᠬᠠᠤᠯᠢ ᠴᠠᠭᠠᠵᠠ ᠶᠢᠨ ᠦᠷ᠎ᠡ ᠳ᠋ᠦᠩ ᠪᠠ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠵᠠᠳᠠᠯᠤᠨ ᠰᠢᠨᠵᠢᠯᠡᠵᠦ᠂ ᠤᠷᠢᠭᠳᠠᠭᠰᠠᠨ ᠲᠥᠯᠥᠭᠡᠯᠡᠭᠴᠢᠳ ᠢ ᠪᠣᠳᠠᠲᠠᠶ ᠠᠵᠢᠯ ᠠᠮᠢᠳᠤᠷᠠᠯ ᠳᠤᠮᠳᠠ ᠪᠠᠨ ᠤᠬᠠᠮᠰᠠᠷ ᠠᠴᠠ ᠪᠠᠨ ᠰᠠᠶᠢᠨ ᠳᠠᠭᠤᠷᠢᠶᠠᠯ ᠪᠣᠯᠵᠤ᠂ ᠬᠤᠶᠠᠷ ᠭᠠᠵᠠᠷ ᠤᠨ ᠣᠯᠠᠨ ᠲᠦᠮᠡᠨ ᠬᠥᠲᠥᠯᠥᠨ ᠵᠢᠯᠣᠭᠤᠳᠴᠤ ᠪᠠᠶᠢᠭᠠᠳ ᠰᠠᠶᠢᠨ ᠰᠠᠶᠢᠬᠠᠨ ᠪᠣᠬᠢᠷᠲᠤᠯ ᠦᠭᠡᠶ ᠭᠡᠷ ᠣᠷᠣᠨ ᠢᠶᠠᠨ ᠬᠠᠮᠲᠤ ᠪᠠᠷ ᠰᠠᠬᠢᠨ ᠬᠠᠮᠠᠭᠠᠯᠠᠬᠤ ᠶᠢ ᠤᠷᠢᠶᠠᠯᠠᠪᠠ᠃
       ᠬᠤᠶᠠᠷ ᠭᠠᠵᠠᠷ ᠤᠨ ᠰᠢᠭᠦᠬᠦ ᠬᠤᠷᠢᠶ᠎ᠠ ᠠᠷᠤ ᠬᠤᠷᠴᠢᠨ ᠬᠤᠰᠢᠭᠤᠨ ᠤ ᠰᠢᠭᠦᠬᠦ ᠬᠤᠷᠢᠶᠠᠨ ᠤ ᠬᠤᠨᠳᠣ ᠳᠠᠬᠢ ᠠᠷᠠᠳ ᠤᠨ ᠰᠢᠭᠦᠬᠦ ᠲᠢᠩᠬᠢᠮ ᠳᠤ ᠣᠷᠴᠢᠨ ᠠᠬᠤᠶ ᠡᠬᠢ ᠪᠠᠶᠠᠯᠢᠭ ᠤᠨ ᠬᠡᠷᠡᠭ ᠤᠨ ᠲᠣᠭᠤᠷᠢᠨ ᠰᠢᠭᠦᠨ ᠲᠠᠰᠤᠯᠬᠤ ᠴᠡᠭ ᠭᠠᠷᠭᠠᠭᠰᠠᠨ ᠪᠥᠭᠡᠳ ᠢᠯᠡᠷᠬᠡᠶᠢᠯᠡᠯ ᠰᠡᠬᠦᠵᠦ᠂ ᠲᠣᠭᠤᠷᠢᠨ ᠰᠢᠭᠦᠨ ᠲᠠᠰᠤᠯᠬᠤ ᠴᠡᠭ ᠨᠢ ᠰᠢᠭᠦᠬᠦ ᠲᠤᠰᠢᠶᠠᠯᠲᠠᠨ ᠤ ᠲᠣᠭᠲᠠᠮᠠᠯ ᠬᠤᠭᠤᠴᠠᠭ᠎ᠠ ᠲᠠᠢ ᠴᠡᠭ ᠲᠤ ᠰᠠᠭᠤᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠷᠡᠭ ᠢ ᠰᠢᠭᠦᠬᠦ᠂ ᠡᠶᠡᠳᠡᠭᠦᠯᠬᠦ᠂ ᠬᠠᠤᠯᠢ ᠪᠠᠷ ᠵᠠᠰᠠᠬᠤ ᠤᠬᠠᠭᠤᠯᠭ᠎ᠠ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠤᠯᠢ ᠪᠠᠷᠢᠬᠤ ᠦᠢᠯᠡᠴᠢᠯᠡᠭᠡ ᠶᠢ ᠤᠯᠠᠨ ᠲᠦᠮᠡᠨ ᠤ ᠡᠭᠦᠳᠡᠨ ᠳᠤ ᠬᠦᠷᠭᠡᠬᠦ ᠪᠣᠯᠤᠨ᠎ᠠ᠃
       ᠰᠢᠷᠠᠡᠦ᠋ᠡᠳᠣᠷ ᠣᠷᠣᠨ ᠤ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ᠂ ᠬᠤᠶᠠᠷ ᠰᠢᠭᠦᠬᠦ ᠬᠤᠷᠢᠶ᠎ᠠ ᠶᠢᠨ ᠬᠢᠨ ᠭᠠᠷ ᠬᠤᠯᠪᠣᠯᠴᠠᠨ ᠠᠮᠢ ᠠᠬᠤᠶ ᠶᠢᠨ ᠣᠷᠴᠢᠨ ᠲᠣᠭᠤᠷᠢᠨ ᠤ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠰᠠᠭᠤᠷᠢᠨ ᠢ ᠪᠠᠶᠢᠭᠤᠯᠪᠠ᠃ ᠡᠨᠡᠬᠦ ᠰᠠᠭᠤᠷᠢᠨ ᠭᠠᠵᠠᠷ ᠨᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠶ ᠶᠢᠨ ᠴᠢᠳᠠᠮᠵᠢ ᠶᠢᠨ ᠣᠷᠣᠨ ᠤ ᠬᠤᠪᠢᠶᠠᠷᠢᠯᠠᠯ ᠬᠢᠭᠡᠳ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠳᠥᠭᠦᠮ ᠴᠢᠨᠠᠷ ᠢ ᠬᠠᠮᠲᠤ ᠳᠤᠨᠢ ᠬᠠᠷᠠᠭᠠᠯᠵᠠᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠲᠤ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠪᠣᠢ ᠪᠣᠯᠭᠠᠵᠤ ᠥᠭᠬᠦ ᠨᠢ ᠳᠠᠮᠵᠢᠭ ᠦᠭᠡᠢ᠃
       ᠬᠠᠤᠯᠢ ᠪᠠᠷ ᠵᠠᠰᠠᠬᠤ ᠶᠢ ᠤᠬᠠᠭᠤᠯᠤᠨ ᠲᠠᠶᠢᠯᠪᠣᠷᠢᠯᠠᠬᠤ ᠠᠴᠠ ᠲᠣᠭᠤᠷᠢᠨ ᠰᠢᠭᠦᠨ ᠲᠠᠰᠤᠯᠬᠤ᠂ ᠬᠠᠤᠯᠢ ᠬᠡᠷᠡᠭᠵᠢᠭᠦᠯᠦᠨ ᠬᠠᠮᠵᠢᠯᠴᠠᠬᠤ ᠠᠴᠠ ᠰᠠᠭᠤᠷᠢᠨ ᠭᠠᠵᠠᠷ ᠢ ᠬᠠᠮᠲᠤᠪᠠᠷ ᠪᠠᠶᠢᠭᠤᠯᠬᠤ ᠬᠦᠷᠲᠡᠯ᠎ᠡ᠂ ᠠᠷᠤ ᠬᠤᠷᠴᠢᠨ ᠬᠤᠰᠢᠭᠤᠨ ᠤ ᠰᠢᠭᠦᠬᠦ ᠬᠤᠷᠢᠶ᠎ᠠ ᠪᠣᠯᠤᠨ ᠲᠦᠩᠯᠢᠶᠣᠤ ᠶᠢᠨ ᠲᠡᠮᠦᠷ ᠵᠠᠮ ᠤᠨ ᠲᠡᠭᠡᠭᠡᠪᠦᠷᠢ ᠶᠢᠨ ᠰᠢᠭᠦᠬᠦ ᠬᠤᠷᠢᠶ᠎ᠠ ᠬᠠᠮᠵᠢᠯᠴᠠᠨ ᠬᠠᠮᠲᠤᠪᠠᠷ ᠪᠠᠶᠢᠭᠤᠯᠬᠤ ᠰᠠᠶᠢᠨ ᠰᠠᠶᠢᠬᠠᠨ ᠲᠣᠭᠲᠠᠴᠠ ᠶᠢ ᠪᠠᠶᠢᠭᠤᠯᠵᠠᠶ᠃ ᠬᠤᠶᠢᠰᠢᠳᠠ᠂ ᠬᠤᠶᠠᠷ ᠭᠠᠵᠠᠷ ᠤᠨ ᠰᠢᠭᠦᠬᠦ ᠬᠤᠷᠢᠶ᠎ᠠ ᠦᠷᠭᠦᠯᠵᠢᠯᠡᠨ ᠰᠢᠭᠦᠨ ᠲᠠᠰᠤᠯᠬᠤ ᠡᠭᠦᠷᠭᠡ ᠴᠢᠳᠠᠪᠬᠢ ᠳᠠᠭᠠᠨ ᠰᠠᠭᠤᠷᠢᠯᠠᠵᠤ᠂ ᠣᠯᠣᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠠᠵᠢᠯ ᠢ ᠬᠦᠴᠦ ᠪᠠᠨ ᠬᠠᠮᠲᠤᠳᠬᠠᠨ ᠰᠠᠶᠢᠳᠣᠷ ᠬᠢᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ᠂ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠳᠤ ᠬᠠᠤᠯᠢ ᠴᠠᠭᠠᠵᠠ ᠶᠢᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ᠃ ︵ᠵᠤᠤ ᠶᠠ ᠨᠠᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号