ᠠᠷᠤ ᠬᠤᠷᠴᠢᠨ ᠬᠤᠰᠢᠭᠤ ︽6᠂ 9︾ ᠤ ᠣᠯᠠᠨ ᠤᠯᠤᠰ ᠤᠨ ᠳᠠᠩᠰᠠ ᠡᠪᠬᠡᠮᠡᠯ ᠤᠨ ᠡᠳᠦᠷᠯᠢᠭ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/10
       ᠡᠨᠡ ᠵᠢᠯ ᠤᠨ 6 ᠰᠠᠷ᠎ᠠ ᠶᠢᠨ 9 ᠤ ᠡᠳᠦᠷ ᠪᠣᠯ 18 ᠳᠠᠬᠢ ᠣᠯᠠᠨ ᠤᠯᠤᠰ ᠤᠨ ᠳᠠᠩᠰᠠ ᠡᠪᠬᠡᠮᠡᠯ ᠤᠨ ᠡᠳᠦᠷᠯᠢᠭ ᠪᠠᠶᠢᠵᠤ᠂ ᠠᠷᠤ ᠬᠤᠷᠴᠢᠨ ᠬᠤᠰᠢᠭᠤ ᠲᠤᠰ ᠡᠳᠦᠷ ᠢ ᠲᠣᠬᠢᠶᠠᠯᠳᠤᠭᠤᠯᠤᠨ 2025 ᠣᠨ ᠤ ᠣᠯᠠᠨ ᠤᠯᠤᠰ ᠤᠨ ᠳᠠᠩᠰᠠ ᠡᠪᠬᠡᠮᠡᠯ ᠤᠨ ᠡᠳᠦᠷᠯᠢᠭ ᠤᠨ ︽ᠳᠠᠩᠰᠠ ᠡᠪᠬᠡᠮᠡᠯ ᠲᠠᠨ ᠳᠤ ᠥᠭᠦᠯᠡᠨᠡᠮ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
       ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ ᠤᠬᠠᠭᠤᠯᠭ᠎ᠠ ᠶᠢᠨ ᠠᠭᠤᠷ ᠠᠮᠢᠰᠬᠤᠯ ᠥᠳᠬᠡᠨ ᠪᠠᠶᠢᠵᠤ᠂ ᠨᠠᠷᠢᠯᠢᠭ ᠬᠢᠵᠦ ᠪᠦᠲᠦᠭᠡᠭᠰᠡᠨ ᠤᠬᠠᠭᠤᠯᠭ᠎ᠠ ᠶᠢᠨ ᠵᠢᠷᠤᠭ ᠬᠠᠪᠲᠠᠰᠤ ᠶᠢ ᠰᠠᠶᠢᠳᠣᠷ ᠪᠠᠶᠢᠷᠢᠯᠠᠭᠤᠯᠣᠨ᠂ ᠳᠠᠩᠰᠠ ᠡᠪᠬᠡᠮᠡᠯ ᠤᠨ ᠰᠣᠶᠣᠯ ᠤᠨ ᠷᠢᠳᠢ ᠰᠢᠳᠢ ᠶᠢ ᠵᠢᠷᠤᠭ ᠦᠰᠦᠭ ᠤᠨ ᠬᠡᠯᠪᠡᠷᠢ ᠪᠠᠷ ᠠᠮᠢᠳᠤᠯᠢᠭ ᠳᠡᠯᠭᠡᠨ ᠦᠵᠡᠭᠦᠯᠦᠭᠰᠡᠨ ᠪᠥᠭᠡᠳ ᠠᠵᠢᠯᠲᠠᠳ ᠠᠴᠠ ᠲᠤᠬᠠᠶ ᠶᠢᠨ ᠲᠠᠯᠠᠪᠠᠢ ᠶᠢᠨ ᠣᠯᠠᠨ ᠲᠦᠮᠡᠨ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠨ ᠳᠠᠩᠰᠠ ᠡᠪᠬᠡᠮᠡᠯ ᠤᠨ ᠮᠡᠳᠡᠯᠭᠡ ᠶᠢ ᠨᠠᠷᠢᠯᠢᠭ ᠲᠠᠶᠢᠯᠪᠣᠷᠢᠯᠠᠨ᠂ ᠳᠠᠩᠰᠠ ᠡᠪᠬᠡᠮᠡᠯ ᠪᠠ ᠡᠳᠦᠷ ᠲᠣᠲᠤᠮ ᠤᠨ ᠠᠮᠢᠳᠤᠷᠠᠯ ᠬᠤᠶᠠᠷ ᠤᠨ ᠨᠢᠭᠲᠠ ᠬᠠᠷᠢᠴᠠᠭ᠎ᠠ ᠶᠢ  ᠰᠠᠶᠢᠳᠣᠷ ᠣᠶᠢᠯᠠᠭᠠᠭᠤᠯᠪᠠ᠃
       ᠠᠵᠢᠯᠯᠠᠭ᠎ᠠ ᠳᠤᠮᠳᠠ᠂ ᠠᠵᠢᠯᠲᠠᠳ ᠪᠠᠰᠠ ᠬᠠᠤᠯᠢ ᠶᠢ ᠲᠦᠭᠡᠮᠡᠯᠵᠢᠭᠦᠯᠬᠦ ᠠᠵᠢᠯ ᠢ ᠢᠳᠡᠪᠬᠢᠲᠡᠶ ᠥᠷᠨᠢᠭᠦᠯᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠠᠩᠰᠠ ᠡᠪᠬᠡᠮᠡᠯ ᠤᠨ ᠬᠠᠤᠯᠢ︾ ᠶᠢᠨ ᠲᠣᠭᠤᠷᠢᠨ ᠳᠤ᠂ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠳᠠᠩᠰᠠ ᠡᠪᠬᠡᠮᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠣᠷᠢᠯᠠᠵᠤ᠂ ᠣᠯᠠᠨ ᠲᠦᠮᠡᠨ ᠤ ᠳᠠᠩᠰᠠ ᠡᠪᠬᠡᠮᠡᠯ ᠤᠨ ᠬᠠᠤᠯᠢ ᠪᠠᠷ ᠵᠠᠰᠠᠬᠤ ᠤᠬᠠᠮᠰᠠᠷ ᠢ ᠴᠢᠩᠭᠠᠷᠠᠭᠤᠯᠪᠠ᠃
       ᠠᠵᠢᠯᠯᠠᠭ᠎ᠠ ᠨᠢ ᠠᠷᠠᠳ ᠣᠯᠠᠨ ᠢ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠬᠦᠷᠢᠶᠡᠯᠡᠩ ᠳᠤ ᠤᠷᠢᠵᠤ᠂ ᠡᠬᠡ ᠣᠷᠣᠨᠴᠢ ᠦᠵᠡᠯ ᠤᠨ ᠬᠥᠮᠦᠵᠢᠯ ᠤᠨ ᠦᠵᠡᠰᠬᠦᠯᠡᠩ ᠢᠶᠠᠷ ᠠᠵᠢᠯᠲᠠᠨ ᠤ ᠵᠢᠯᠣᠭᠤᠳᠤᠯᠭ᠎ᠠ ᠲᠠᠢ ᠪᠠᠷ ᠲᠣᠭᠤᠷᠢᠨ ᠰᠣᠨᠢᠷᠬᠠᠭᠤᠯᠵᠠᠶ᠃        ᠲᠤᠰ ᠤᠳᠠᠭᠠᠨ ᠤ ᠠᠵᠢᠯᠯᠠᠭ᠎ᠠ ᠳᠤ ᠨᠡᠶᠢᠲᠡ 2000 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠵᠦᠢᠯ ᠤᠨ ᠤᠬᠠᠭᠤᠯᠭ᠎ᠠ ᠶᠢᠨ ᠬᠡᠯᠪᠡᠷᠢ ᠪᠠᠷ ᠳᠠᠩᠰᠠ ᠡᠪᠬᠡᠮᠡᠯ ᠤᠨ ᠮᠡᠳᠡᠯᠭᠡ ᠶᠢ ᠲᠦᠭᠡᠮᠡᠯᠵᠢᠭᠦᠯᠦᠨ᠂ ᠳᠠᠩᠰᠠ ᠡᠪᠬᠡᠮᠡᠯ ᠤᠨ ᠰᠣᠶᠣᠯ ᠢ ᠤᠯᠠᠮᠵᠢᠯᠠᠨ ᠲᠠᠷᠬᠠᠭᠠᠵᠤ᠂ ᠪᠥᠬᠦ ᠨᠡᠶᠢᠭᠡᠮ ᠤᠨ ᠳᠠᠩᠰᠠ ᠡᠪᠬᠡᠮᠡᠯ ᠤᠨ ᠦᠵᠡᠯ ᠤᠬᠠᠮᠰᠠᠷ ᠢ ᠳᠡᠭᠡᠭᠰᠢᠯᠡᠭᠦᠯᠦᠭᠰᠡᠨ ᠪᠠᠶᠢᠨ᠎ᠠ᠃ ︵ᠵᠣᠣ ᠶᠠ ᠨᠠᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号