ᠠᠷᠤ ᠬᠤᠷᠴᠢᠨ ᠬᠤᠰᠢᠭᠤᠨ ᠤ 1367 ᠨᠡᠷ᠎ᠡ ᠰᠢᠯᠭᠠᠭᠤᠯᠤᠭᠴᠢ ᠤᠯᠤᠰ ᠤᠨ ᠰᠢᠯᠭᠠᠯᠲᠠ ᠳᠤ ᠣᠷᠣᠯᠴᠠᠯ᠎ᠠ
ᠨᠡᠶᠢᠲᠡᠯᠡᠭᠰᠡᠨ ᠴᠠᠭ᠄
2025/6/10
       6 ᠰᠠᠷ᠎ᠠ ᠶᠢᠨ 7 ᠤ ᠡᠳᠦᠷ᠂ 2025 ᠣᠨ ᠤ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠵᠢᠩᠬᠢᠨᠢ ᠪᠠᠷ ᠡᠬᠢᠯᠡᠵᠦ᠂ ᠠᠷᠤ ᠬᠤᠷᠴᠢᠨ ᠬᠤᠰᠢᠭᠤᠨ ᠤ 1367 ᠨᠡᠷ᠎ᠡ ᠰᠢᠯᠭᠠᠭᠤᠯᠤᠭᠴᠢ ᠰᠢᠯᠭᠠᠯᠲᠠ ᠳᠤ ᠣᠷᠣᠯᠴᠠᠨ᠂ ᠥᠪᠡᠷᠲᠡᠭᠡᠨ ᠵᠠᠰᠠᠬᠤ ᠣᠷᠣᠨ ᠠᠴᠠ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠡ ᠶᠢᠨ ᠶᠡᠷᠣᠩᠬᠡᠶᠢᠯᠡᠭᠰᠡᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠭᠰᠠᠨ ᠠᠩᠬᠠᠨ ᠤ ᠵᠢᠯ ᠢ ᠤᠭᠲᠤᠯ᠎ᠠ᠃
       ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠠᠷᠤ ᠬᠤᠷᠴᠢᠨ ᠬᠤᠰᠢᠭᠤᠨ ᠤ ᠣᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ᠂ ᠰᠢᠯᠭᠠᠭᠤᠯᠤᠭᠴᠢᠳ ᠲᠤ ᠠᠮᠤᠷ ᠲᠦᠪᠰᠢᠨ᠂ ᠨᠠᠮ ᠵᠢᠮ᠂ ᠡᠮᠬᠢ ᠵᠢᠷᠤᠮ ᠲᠠᠢ ᠰᠢᠯᠭᠠᠯᠲᠠ ᠶᠢᠨ ᠣᠷᠴᠢᠨ ᠨᠥᠬᠦᠴᠡᠯ ᠢ ᠪᠤᠢ ᠪᠣᠯᠭᠠᠵᠤ ᠥᠭᠬᠦ ᠪᠠᠷ ᠠᠵᠢᠯᠯᠠᠵᠠᠭᠠᠨ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠬᠢᠨ ᠰᠢᠯᠭᠠᠯᠲᠠ ᠶᠢᠨ ᠴᠡᠭ ᠤᠨ ᠡᠷᠭᠢᠨ ᠲᠣᠭᠤᠷᠢᠨ ᠤ ᠲᠣᠭᠤᠷᠢᠨ ᠴᠠᠭᠳᠠᠵᠤ ᠪᠠᠶᠢᠴᠠᠭᠠᠬᠤ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ᠠᠮᠤᠷ ᠲᠦᠪᠰᠢᠨ ᠤ ᠡᠮᠬᠢ ᠳᠢᠭᠯᠢᠮ ᠢ ᠪᠠᠲᠤᠯᠠᠪᠠ᠃ ᠵᠠᠮ ᠬᠠᠷᠢᠯᠴᠠᠭᠠᠨ ᠤ ᠰᠠᠯᠠᠭ᠎ᠠ ᠮᠥᠴᠢᠷ ᠵᠢᠭᠠᠨ ᠵᠢᠯᠣᠭᠤᠳᠬᠤ ᠪᠠᠨ ᠴᠢᠩᠭᠠᠳᠬᠠᠵᠤ᠂ ᠰᠢᠯᠭᠠᠭᠤᠯᠤᠭᠰᠠᠳ ᠲᠤ ᠰᠠᠭᠠᠳ ᠥᠬᠡᠶ ᠨᠡᠪᠲᠡᠷᠡᠬᠦ ᠵᠠᠮ ᠨᠡᠭᠡᠭᠡᠵᠦ ᠥᠭᠭᠦᠨ᠂ ᠴᠠᠬᠢᠯᠭᠠᠨ ᠬᠦᠴᠦᠨ ᠤ ᠰᠠᠯᠠᠭ᠎ᠠ ᠮᠥᠴᠢᠷ ᠤᠳ ᠴᠠᠬᠢᠯᠭᠠᠨ ᠬᠦᠴᠦᠨ ᠤ ᠪᠠᠲᠤᠯᠠᠭ᠎ᠠ ᠶᠢᠨ ᠲᠥᠬᠦᠭᠡᠷᠦᠮᠵᠢ ᠶᠢ ᠪᠠᠶᠢᠷᠢᠯᠠᠭᠤᠯᠵᠤ᠂ ᠴᠠᠬᠢᠯᠭᠠᠨ ᠬᠦᠴᠦᠨ ᠤ ᠬᠠᠩᠭᠠᠯᠭ᠎ᠠ ᠶᠢᠨ ᠣᠯᠠᠨ ᠰᠠᠯᠠᠭ᠎ᠠ ᠮᠥᠴᠢᠷ ᠤᠨ ᠬᠢᠨ ᠬᠠᠮᠵᠢᠯᠴᠠᠨ ᠬᠦᠴᠦᠯᠡᠵᠦ ᠰᠢᠯᠭᠠᠭᠤᠯᠤᠭᠰᠠᠳ ᠤᠨ ᠠᠶᠠᠯᠠᠯ ᠢ ᠬᠠᠮᠠᠭᠠᠯᠠᠭᠰᠠᠨ ᠪᠠᠶᠢᠨ᠎ᠠ᠃ ︵ᠯᠢ ᠬᠤᠸᠠᠨ ᠢᠦᠶ᠂ ᠸᠠᠩ ᠢᠦᠶ ᠾᠦᠢ᠂ ᠰᠠᠶᠢᠬᠠᠡᠬᠤᠸᠠᠷ᠂ ᠤᠷᠭᠤᠮᠠᠯ᠂ ᠵᠣᠤ ᠶᠠ ᠨᠠᠨ᠂ ᠯᠢᠦ ᠰᠢᠨ ᠲᠢᠩ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号