6 ᠰᠠᠷ᠎ᠠ ᠶᠢᠨ 9 ᠤ ᠡᠳᠦᠷ᠂ ᠠᠷᠤ ᠬᠤᠷᠴᠢᠨ ᠬᠤᠰᠢᠭᠤ ᠪᠦᠬᠦ ᠬᠤᠰᠢᠭᠤᠨ ᠤ ᠦᠶᠡᠷ ᠢ ᠰᠡᠷᠭᠡᠶᠢᠯᠡᠨ | ᠭᠠᠩ ᠲᠠᠢ ᠲᠡᠮᠡᠴᠡᠬᠦ ᠠᠵᠢᠯ ᠤᠨ ᠬᠤᠷᠠᠯ ᠬᠤᠷᠠᠯᠳᠤᠭᠤᠯᠵᠤ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠭᠦᠸᠧ ᠯᠦ ᠮᠧᠩ᠂ ᠬᠤᠰᠢᠭᠤᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠶᠦᠩ ᠮᠢᠩ᠂ | ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠦ ᠭᠦᠸᠧ ᠳ᠋ᠦᠩ ᠬᠤᠷᠠᠯ ᠳᠤ ᠣᠷᠣᠯᠴᠠᠵᠠᠶ᠃ | | | | ᠭᠦᠸᠧ ᠯᠦ ᠮᠧᠩ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠭᠤᠤᠯᠳᠠᠯᠭ᠎ᠠ ᠲᠠᠢ ᠰᠠᠶᠢᠲᠤᠷ | ᠬᠢᠬᠦ ᠲᠤᠬᠠᠶ ᠴᠢᠬᠤᠯᠠᠴᠢᠯᠠᠭᠰᠠᠨ ᠢᠶᠠᠷ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠦᠨᠳᠦ | ᠬᠡᠴᠡᠭᠦᠦ ᠪᠠᠶᠢᠳᠠᠯ ᠢ ᠲᠣᠳᠣᠷᠬᠠᠶ ᠲᠠᠨᠢᠵᠤ᠂ ︽ᠴᠠᠭ ᠢᠮᠠᠭᠲᠠ ᠰᠡᠳᠬᠢᠯ ᠲᠠᠯᠪᠢᠬᠤ︾ ᠬᠠᠷᠢᠭᠤᠴᠠᠯᠭᠠᠲᠤ | ᠰᠡᠳᠬᠢᠯᠭᠡ ᠪᠠᠷ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠡᠨᠡᠬᠦ ᠬᠥᠪᠴᠢ ᠶᠢ ᠴᠢᠩᠭᠠᠯᠠᠵᠤ᠂ ᠠᠷᠠᠳ ᠣᠯᠠᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠤ ᠪᠠᠲᠤᠯᠠᠭ᠎ᠠ ᠪᠠᠷ ᠢᠮᠠᠭᠲᠠ ᠲᠡᠷᠢᠭᠦᠨ ᠱᠠᠭᠠᠷᠳᠠᠯᠭ᠎ᠠ | ᠪᠣᠯᠭᠠᠵᠤ᠂ ᠡᠯ᠎ᠡ ᠱᠠᠲᠤᠨ ᠤ ᠤᠳᠤᠷᠢᠳᠤᠯᠭ᠎ᠠ ᠶᠢᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ | ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠣᠯᠳᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠶᠡᠷ ᠢ | ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠳᠤ ᠠᠯᠳᠠᠰᠢ ᠭᠠᠷᠭᠠᠬᠤ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠰᠡᠷᠭᠡᠶᠢᠯᠡᠯᠲᠡ ᠶᠢᠨ ᠭᠤᠤᠯᠳᠠᠯᠭ᠎ᠠ ᠶᠢ ᠲᠣᠪᠣᠶᠢᠯᠭᠠᠨ᠂ | ᠪᠦᠲᠦᠮᠵᠢᠲᠡᠶ ᠨᠠᠶᠢᠳᠠᠪᠤᠷᠢᠵᠢᠭᠤᠯᠬᠤ ᠬᠡᠷᠡᠭᠵᠢᠭᠦᠯᠦᠯᠲᠡ ᠶᠢᠨ ᠬᠦᠴᠦᠨ ᠢᠶᠠᠷ ᠦᠶᠡᠷ ᠢ ᠰᠡᠷᠭᠡᠶᠢᠯᠡᠨ ᠭᠠᠩ ᠲᠠᠢ | ᠲᠡᠮᠡᠴᠡᠬᠦ ᠡᠯ᠎ᠡ ᠵᠦᠢᠯ ᠤᠨ ᠠᠵᠢᠯ ᠢ ᠰᠠᠶᠢᠳᠣᠷ ᠬᠢᠵᠦ᠂ ᠪᠣᠳᠠᠲᠤ ᠠᠵᠢᠯᠯᠠᠭ᠎ᠠ ᠪᠠ ᠦᠷ᠎ᠡ ᠪᠦᠲᠦᠮᠵᠢ ᠪᠠᠷ ᠢᠶᠠᠨ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠬᠠᠷᠢᠭᠤᠴᠠᠯᠭ᠎ᠠ ᠶᠢ ᠱᠠᠳᠤ ᠱᠠᠳᠤ ᠪᠠᠷ | ᠪᠣᠳᠠᠳᠠᠶᠢᠵᠢᠭᠤᠯᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ︽ᠬᠥᠮᠦᠨ ᠪᠦᠬᠦᠨ | ᠬᠠᠷᠢᠭᠤᠴᠠᠯᠭ᠎ᠠ ᠡᠭᠦᠷᠭᠡᠯᠡᠬᠦ︾ ᠡᠷᠴᠢ ᠬᠦᠴᠦᠨ ᠢᠶᠠᠷ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠷᠭ᠎ᠠ | ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠣᠡᠭᠡᠵᠤ᠂ | ᠦᠨᠡᠨᠬᠦ ᠠᠳᠬᠤᠨ ᠪᠣᠳᠠᠲᠠᠶ ᠠᠵᠢᠯᠯᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ | ᠰᠡᠳᠬᠢᠯᠭᠡ ᠪᠠᠷ ᠲᠤᠰ ᠲᠤᠰ ᠤᠨ ᠡᠭᠦᠷᠭᠡᠯᠡᠭᠰᠡᠨ ᠠᠵᠢᠯ ᠡᠭᠦᠷᠭᠡ ᠪᠠᠨ ᠰᠠᠶᠢᠳᠣᠷ ᠪᠡᠶᠡᠯᠡᠭᠦᠯᠵᠦ᠂ ᠨᠡᠶᠢᠭᠡᠮ ᠤᠨ | ᠲᠣᠡᠡᠳᠠᠭᠤᠨ ᠢ ᠦᠨᠡᠨᠬᠦ ᠬᠠᠮᠠᠭᠠᠯᠠᠨ᠂ ᠠᠵᠤ ᠠᠬᠤᠶ ᠶᠢᠨ ᠴᠢᠨᠠᠷ ᠰᠠᠶᠢᠳᠡᠢ ᠬᠥᠭᠵᠢᠯᠲᠡ ᠪᠣᠯᠤᠨ ᠤᠯᠠᠨ ᠲᠦᠮᠡᠨ ᠤ | ᠴᠢᠨᠠᠷ ᠰᠠᠶᠢᠳᠡᠢ ᠠᠮᠢᠳᠤᠷᠠᠯ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠶ᠃ ︵ᠴᠡᠯᠮᠡᠭ︶ |