6 ᠰᠠᠷ᠎ᠠ ᠶᠢᠨ 10 ᠤ ᠡᠳᠦᠷ᠂ ᠪᠠᠶᠠ᠋ᠦ᠌ᠨᠳᠦᠷ ᠤᠨ ᠨᠠᠶᠢᠷ ᠨᠠᠭᠠᠳᠤᠮ ᠬᠦᠷ ᠬᠥᠭᠵᠢᠶᠡᠨ ᠲᠠᠢ ᠶᠠᠪᠤᠭᠳᠠᠵᠤ | ᠪᠠᠶᠢᠭ᠎ᠠ ᠦᠶ᠎ᠡ ᠳᠤ᠂ ᠪᠠᠶᠠ᠋ᠦ᠌ᠨᠳᠦᠷ ᠬᠠᠤᠯᠢ ᠴᠠᠭᠠᠵᠠ ᠶᠢᠨ ᠰᠠᠯᠪᠤᠷᠢ ᠪᠣᠯᠤᠨ ᠪᠠᠶᠠ᠋ᠦ᠌ᠨᠳᠦᠷ ᠲᠣᠮᠢᠯᠠᠭᠰᠠᠨ ᠰᠠᠯᠪᠤᠷᠢ | ᠬᠠᠮᠲᠤᠷᠠᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠵᠦ᠂ ᠬᠠᠤᠯᠢ ᠴᠠᠭᠠᠵᠠ ᠶᠢᠨ ᠮᠡᠳᠡᠯᠭᠡ ᠮᠡᠳᠡᠴᠡ ᠶᠢ | ᠲᠠᠯ᠎ᠠ ᠨᠤᠲᠤᠭ ᠤᠨ ᠣᠯᠠᠨ ᠲᠦᠮᠡᠨ ᠲᠤ ᠬᠦᠷᠭᠡᠵᠡᠶ᠃ | | | | ᠠᠷᠠᠯᠵᠢᠶ᠎ᠠ ᠬᠤᠳᠠᠯᠳᠤᠭᠠᠨ ᠤ ᠳᠡᠯᠭᠡᠭᠦᠷ ᠤᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠰᠡᠷᠭᠡᠶᠢᠯᠡᠯᠳᠡ ᠶᠢᠨ | ᠱᠤᠭᠤᠮ ᠢ ᠪᠠᠬᠢᠵᠢᠭᠦᠯᠪᠡ᠃ ᠲᠠᠸᠠᠷ ᠤᠨ ᠲᠥᠷᠥᠯ ᠵᠦᠢᠯ ᠣᠯᠠᠨ᠂ ᠬᠥᠮᠦᠨ ᠬᠠᠷ᠎ᠠ ᠴᠤᠭᠯᠠᠷᠠᠭᠰᠠᠨ | ᠬᠤᠳᠠᠯᠳᠤᠭᠠᠨ ᠤ ᠲᠣᠭᠤᠷᠢᠭ ᠲᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠠᠵᠢᠯᠲᠠᠨ ᠠᠴᠠ ᠬᠤᠳᠠᠯᠳᠤᠭ᠎ᠠ ᠳᠡᠯᠭᠡᠭᠦᠷ ᠤᠨ ᠡᠵᠡᠩᠨᠡᠭᠴᠢᠳ ᠲᠤ ᠬᠠᠤᠯᠢ ᠴᠠᠭᠠᠵᠠ ᠶᠢᠨ ᠤᠬᠠᠭᠤᠯᠭ᠎ᠠ ᠶᠢᠨ ᠭᠠᠷ | ᠳᠡᠪᠲᠡᠷ ᠲᠠᠷᠬᠠᠭᠠᠬᠤ ᠶᠢᠨ ᠬᠠᠮᠲᠤ ᠭᠡᠷ᠎ᠡ ᠲᠣᠭᠲᠠᠭᠠᠬᠤ ᠵᠢᠷᠤᠮᠵᠢᠯ᠂ ᠦᠢᠯᠡᠣᠡᠭᠦᠨ ᠤ ᠶᠠᠰᠤ ᠴᠢᠨᠠᠷ ᠤᠨ | ᠬᠠᠷᠢᠭᠤᠴᠠᠯᠭ᠎ᠠ ᠶᠢ ᠵᠠᠭᠠᠭᠯᠠᠨ ᠲᠣᠭᠲᠠᠭᠠᠬᠤ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠵᠡᠷᠭᠡ ᠭᠤᠤᠯ | ᠪᠣᠯᠬᠤ ᠬᠠᠤᠯᠢ ᠴᠠᠭᠠᠵᠠ ᠶᠢᠨ ᠠᠭᠤᠯᠭ᠎ᠠ ᠶᠢᠨ ᠲᠣᠭᠤᠷᠢᠨ ᠳᠤ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ | ᠬᠦᠯᠢᠴᠡᠩᠭᠦᠶ ᠪᠥᠭᠡᠳ ᠨᠠᠷᠢᠯᠢᠭ ᠲᠠᠶᠢᠯᠪᠣᠷᠢᠯᠠᠯᠳᠠ ᠬᠢᠪᠡ᠃ ︽ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢ | ᠡᠷᠬᠢᠮᠯᠡᠵᠦ᠂ ᠬᠠᠤᠯᠢ ᠴᠠᠭᠠᠵᠠ ᠪᠠᠷ ᠪᠠᠲᠤᠯᠠᠭ᠎ᠠ ᠪᠣᠯᠭᠠᠵᠠᠭᠠᠶᠠ︾ ᠭᠡᠵᠦ ᠡᠵᠡᠩᠨᠡᠭᠴᠢᠳ ᠲᠤ ᠳᠠᠬᠢᠨ ᠳᠠᠪᠲᠠᠨ | ᠰᠠᠨᠠᠭᠤᠯᠵᠤ᠂ ᠲᠡᠳᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠬᠠᠤᠯᠢ ᠲᠣᠭᠲᠠᠭᠠᠯ ᠢ | ᠤᠬᠠᠮᠰᠠᠷ ᠠᠴᠠ ᠪᠠᠨ ᠵᠢᠷᠤᠮᠯᠠᠨ ᠰᠠᠬᠢᠵᠤ ᠬᠠᠤᠯᠢ ᠴᠠᠭᠠᠵᠠ ᠶᠢᠨ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ | ᠪᠠᠲᠤᠳᠬᠠᠨ᠂ ᠡᠵᠡᠩᠨᠡᠯᠲᠡ ᠶᠢᠨ ᠠᠵᠢᠯᠯᠠᠭ᠎ᠠ ᠪᠠᠨ ᠵᠢᠷᠤᠮᠵᠢᠭᠤᠯᠵᠤ᠂ ᠲᠥᠪ ᠭᠤᠤᠯᠴᠢ ᠡᠮᠬᠢ ᠵᠢᠷᠤᠮ ᠲᠠᠢ ᠵᠠᠬ᠎ᠠ | ᠳᠡᠯᠭᠡᠭᠦᠷ ᠤᠨ ᠣᠷᠴᠢᠨ ᠨᠥᠬᠦᠴᠡᠯ ᠢ ᠬᠠᠮᠲᠤ ᠪᠠᠷ ᠬᠠᠮᠠᠭᠠᠯᠠᠬᠤ ᠬᠡᠷᠡᠭᠲᠡᠶ ᠭᠡᠵᠡᠶ᠃ | | | | | | ᠮᠠᠯᠴᠢᠨ ᠦᠵᠡᠭᠴᠢᠳ ᠲᠤ ᠬᠡᠷᠡᠭᠯᠡᠭᠡᠨ ᠤ ᠬᠠᠤᠯᠢ ᠴᠠᠭᠠᠵᠠ ᠶᠢᠨ ᠮᠡᠳᠡᠯᠭᠡ ᠮᠡᠳᠡᠴᠡ ᠶᠢ | ᠲᠦᠭᠡᠮᠡᠯᠵᠢᠭᠦᠯᠪᠡ ᠃ ᠮᠠᠯᠴᠢᠨ ᠲᠦᠮᠡᠨ ᠤ ᠡᠳᠦᠷ ᠲᠣᠲᠤᠮ ᠤᠨ ᠠᠮᠢᠳᠤᠷᠠᠯ ᠳᠤ ᠪᠠᠶᠢᠩᠭᠤ ᠲᠣᠬᠢᠶᠠᠯᠳᠤᠳᠠᠭ ᠬᠠᠤᠯᠢ | ᠴᠠᠭᠠᠵᠠ ᠶᠢᠨ ᠠᠰᠠᠭᠤᠳᠠᠯ ᠳᠤ ᠴᠢᠭᠯᠡᠭᠦᠯᠦᠨ᠂ ᠬᠠᠤᠯᠢ ᠲᠦᠭᠡᠮᠡᠯᠵᠢᠭᠦᠯᠬᠦ ᠪᠦᠯᠬᠦᠮ ᠠᠴᠠ ᠲᠤᠰᠬᠠᠶ ᠬᠠᠤᠯᠢ | ᠴᠠᠭᠠᠵᠠ ᠶᠢᠨ ᠤᠬᠠᠭᠤᠯᠭ᠎ᠠ ᠥᠷᠨᠢᠭᠦᠯᠪᠡ᠃ ᠭᠤᠤᠯᠳᠠᠭᠤ ᠤᠷᠤᠭ ᠭᠡᠷ ᠪᠦᠯᠢ ᠶᠢᠨ ᠬᠠᠷᠢᠴᠠᠭ᠎ᠠ ᠶᠢ ᠰᠢᠢᠳᠪᠦᠷᠢᠯᠡᠬᠦ᠂ | ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠡᠷᠬᠡ ᠠᠰᠢᠭ ᠢ ᠬᠠᠮᠠᠭᠠᠯᠠᠬᠤ᠂ ᠭᠠᠵᠠᠷ ᠰᠢᠷᠣᠶ ᠶᠢᠨ ᠵᠢᠭᠤᠷᠠᠯᠳᠤᠭᠠᠨ ᠢ | ᠡᠶᠡᠳᠡᠭᠦᠯᠬᠦ ᠵᠡᠷᠭᠡ ᠠᠭᠤᠯᠭ᠎ᠠ ᠶᠢᠨ ᠲᠣᠭᠤᠷᠢᠨ ᠳᠤ ᠭᠦᠨᠵᠡᠭᠡᠶ ᠪᠥᠭᠡᠳ ᠣᠶᠢᠯᠠᠭᠠᠮᠵᠢᠳᠡᠢ ᠬᠠᠤᠯᠢ ᠵᠤᠷᠪᠤᠰ ᠤᠨ | ᠲᠠᠶᠢᠯᠤᠮᠵᠢ ᠬᠢᠬᠦ ᠶᠢᠨ ᠬᠠᠮᠲᠤ ᠨᠠᠭᠠᠳᠤᠮ ᠤᠨ ᠬᠤᠷᠠᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ | ᠬᠤᠷᠠᠯ ᠳᠤ ᠣᠷᠣᠯᠴᠠᠬᠤ ᠬᠤᠭᠤᠴᠠᠭᠠᠨ ᠳᠤ ᠠᠩᠬᠠᠷᠬᠤ ᠴᠢᠬᠤᠯᠠᠲᠠᠶ ᠬᠠᠤᠯᠢ ᠴᠠᠭᠠᠵᠠ ᠶᠢᠨ ᠵᠦᠢᠯᠡᠰ ᠢ ᠣᠨᠴᠠᠯᠠᠨ | ᠠᠩᠬᠠᠷᠬᠤ ᠬᠡᠷᠡᠭᠲᠡᠶ ᠭᠡᠵᠦ ᠰᠠᠨᠠᠭᠤᠯᠤᠨ ᠴᠢᠬᠤᠯᠠᠴᠢᠯᠠᠪᠠ᠄ ᠮᠠᠯᠴᠢᠳ ᠲᠥᠷᠥᠯ ᠰᠠᠳᠤᠨ ᠨᠠᠶᠢᠵᠠ ᠨᠥᠬᠦᠳ ᠲᠠᠢ ᠪᠠᠨ | ᠠᠭᠤᠯᠵᠠᠭᠠᠳ ᠬᠡᠲᠦ ᠪᠠᠶᠠᠷᠯᠠᠵᠤ ᠨᠢᠭᠡ ᠴᠠᠭ ᠤᠨ ᠬᠠᠯᠠᠭᠤᠨ ᠢᠶᠠᠷ ᠠᠷᠢᠬᠢ ᠤᠤᠭᠤᠭᠰᠠᠨ ᠤ ᠳᠠᠷᠠᠭ᠎ᠠ | ᠲᠡᠷᠭᠡ ᠵᠢᠯᠣᠭᠤᠳᠴᠤ ᠪᠣᠯᠬᠤ ᠦᠭᠡᠢ︔ ᠨᠠᠶᠢᠷ ᠨᠠᠭᠠᠳᠤᠮ ᠦᠵᠡᠬᠦ ᠭᠡᠵᠦ ᠳᠥᠲᠡ ᠵᠠᠮ ᠢᠶᠠᠷ ᠵᠠᠮᠨᠠᠵᠤ᠂ | ᠳᠤᠷ᠎ᠠ ᠪᠠᠷ ᠢᠶᠠᠨ ᠲᠡᠷᠭᠡ ᠵᠢᠯᠣᠭᠤᠳᠴᠤ ᠪᠤᠰᠤᠳ ᠤᠨ ᠨᠤᠲᠤᠭ ᠪᠡᠯᠴᠢᠭᠡᠷ ᠢ ᠰᠦᠢᠣᠡᠭᠡᠬᠦ ᠪᠤᠶᠤ ᠡᠪᠲᠡᠨ | ᠬᠤᠬᠢᠷᠠᠭᠤᠯᠵᠤ ᠪᠣᠯᠬᠤ ᠥᠭᠡᠶ ᠭᠡᠵᠦ ᠲᠣᠳᠣᠷᠬᠠᠶ ᠬᠡᠯᠡᠵᠦ ᠥᠭᠬᠦ ᠬᠡᠷᠡᠭᠲᠡᠶ ᠭᠡᠬᠦ ᠵᠡᠷᠭᠡ᠃ ᠡᠳᠡᠭᠡᠷ ᠠᠮᠢᠳᠤᠷᠠᠯ ᠳᠤ | ᠣᠶᠢᠷᠠᠲᠤᠭᠰᠠᠨ ᠬᠠᠤᠯᠢ ᠲᠦᠭᠡᠮᠡᠯᠵᠢᠭᠦᠯᠬᠦ ᠠᠭᠤᠯᠭ᠎ᠠ ᠪᠠᠷ ᠳᠠᠮᠵᠢᠭᠤᠯᠤᠨ᠂ ᠮᠠᠯᠴᠢᠨ ᠲᠦᠮᠡᠨ ᠤ ᠬᠠᠤᠯᠢ ᠶᠢ ᠮᠡᠳᠡᠬᠦ᠂ | ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ | | | | ᠪᠥᠬᠡᠴᠢᠳ ᠤᠨ ᠪᠣᠯᠪᠠᠰᠤᠨ ᠢᠶᠠᠷ ᠥᠷᠢᠰᠥᠯᠳᠦᠬᠦ ᠣᠶᠢᠯᠠᠭᠠᠡᠡᠳᠠᠬᠤᠨ ᠢ ᠰᠠᠨᠠᠭᠠᠴᠢᠯᠠᠪᠠ᠃ ᠬᠠᠤᠯᠢ | ᠲᠦᠭᠡᠮᠡᠯᠵᠢᠭᠦᠯᠬᠦ ᠠᠵᠢᠯᠲᠠᠨ ᠤᠳᠠᠯ ᠦᠭᠡᠢ ᠪᠠᠷᠢᠯᠳᠤᠬᠤ ᠭᠡᠵᠦ ᠪᠠᠶᠢᠭ᠎ᠠ ᠪᠤᠶᠤ ᠰᠠᠶᠢᠬᠠᠨ ᠪᠠᠷᠢᠯᠳᠤᠵᠤ | ᠥᠩᠭᠡᠷᠡᠭᠰᠡᠨ ᠪᠥᠬᠡᠴᠢᠳ ᠲᠤ ᠴᠠᠭ ᠲᠤᠬᠠᠶ ᠳᠤᠨᠢ ᠬᠠᠤᠯᠢ ᠴᠠᠭᠠᠵᠠ ᠶᠢᠨ ᠮᠡᠳᠡᠯᠭᠡ ᠶᠢᠨ ︽ᠲᠣᠮᠣ ᠪᠡᠯᠡᠭ︾ ᠢ | ᠬᠦᠷᠭᠡᠵᠡᠶ᠃ ᠤᠷᠤᠯᠳᠤᠭᠠᠨ ᠤ ᠠᠵᠢᠯᠯᠠᠭ᠎ᠠ ᠳᠤ ᠬᠤᠯᠪᠣᠭᠳᠠᠵᠤ ᠮᠡᠳᠡᠬᠦ ᠬᠠᠷᠢᠭᠤᠴᠠᠯᠭ᠎ᠠ ᠶᠢᠨ ᠬᠤᠪᠢᠶᠠᠷᠢᠯᠠᠯ᠂ | ᠪᠡᠶ᠎ᠡ ᠶᠢᠨ ᠠᠮᠤᠷ ᠲᠦᠪᠰᠢᠨ ᠤ ᠪᠠᠲᠤᠯᠠᠭ᠎ᠠ ᠵᠡᠷᠭᠡ ᠬᠠᠤᠯᠢ ᠴᠠᠭᠠᠵᠠ ᠶᠢᠨ ᠴᠢᠬᠤᠯᠠ ᠵᠦᠢᠯ ᠤᠨ ᠲᠣᠭᠤᠷᠢᠨ ᠳᠤ | ᠨᠠᠷᠢᠨ ᠲᠠᠶᠢᠯᠣᠮᠵᠢ ᠬᠢᠬᠦ ᠶᠢᠨ ᠬᠠᠮᠲᠤ ︽ᠤᠷᠤᠯᠳᠤᠭᠠᠨ ᠤ ᠲᠠᠯᠠᠪᠤᠷ ᠲᠤ ᠥᠷᠢᠰᠥᠯᠳᠦᠬᠦ ᠳᠡᠭᠡᠨ ᠥᠪᠡᠷ ᠤᠨ | ᠬᠦᠴᠦᠨ ᠳᠡᠭᠡᠨ ᠲᠦᠰᠢᠭᠯᠡᠵᠦ᠂ ᠤᠷᠤᠯᠳᠤᠭᠠᠨ ᠤ ᠳᠦᠷᠢᠮ ᠭᠤᠷᠢᠮ ᠢ ᠬᠦᠨᠳᠦᠳᠬᠡᠬᠦ︾ ᠶᠢ ᠤᠷᠢᠶᠠᠯᠠᠵᠤ᠂ | ᠪᠥᠬᠡᠴᠢᠳ ᠤᠨ ᠤᠷᠤᠯᠳᠤᠭᠠᠨ ᠤ ᠲᠠᠯᠠᠪᠤᠷ ᠲᠤ ᠵᠣᠷᠢᠭᠲᠠᠶ ᠪᠠᠷ ᠴᠢᠷᠮᠠᠶᠢᠨ ᠲᠡᠮᠡᠴᠡᠵᠦ ᠤᠷᠤᠯᠳᠤᠭᠠᠨ | ᠲᠡᠮᠡᠴᠡᠭᠡᠨ ᠳᠤ ᠴᠤᠭ ᠵᠢᠪᠬᠤᠭ᠎ᠠ ᠪᠠᠨ ᠢᠯᠡᠷᠡᠭᠦᠯᠬᠦ ᠲᠡᠳᠦᠶ ᠪᠢᠰᠢ᠂ ᠪᠠᠰᠠ ᠥᠪᠡᠷ ᠤᠨ ᠪᠡᠶ᠎ᠡ ᠪᠣᠯᠤᠨ ᠪᠤᠰᠤᠳ ᠤᠨ | ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠬᠤ ᠶᠢ ᠣᠶᠢᠯᠠᠭᠠᠨ᠂ ᠪᠣᠯᠪᠠᠰᠤᠨ ᠢᠶᠠᠷ | ᠣᠷᠤᠯᠳᠤᠭᠠᠨ ᠳᠤ ᠣᠷᠣᠯᠴᠠᠬᠤ᠂ ᠠᠮᠤᠷ ᠲᠦᠪᠰᠢᠨ ᠢᠶᠠᠷ ᠤᠷᠤᠯᠳᠤᠭᠠᠨ ᠳᠤ ᠤᠷᠣᠯᠴᠠᠬᠤ ᠣᠶᠢᠯᠠᠭᠠᠡᠡᠳᠠᠬᠤᠨ ᠢ | ᠢᠳᠡᠪᠬᠢᠲᠡᠶ ᠰᠠᠨᠠᠭᠠᠴᠢᠯᠠᠨ᠂ ᠨᠠᠭᠠᠳᠤᠮ ᠤᠨ ᠶᠡᠭᠡ ᠬᠤᠷᠠᠯ ᠤᠨ ᠡᠯ᠎ᠡ ᠤᠷᠤᠯᠳᠤᠭᠠᠨ ᠤ ᠠᠵᠢᠯᠯᠠᠭ᠎ᠠ ᠶᠢᠨ | ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ ᠭᠡᠵᠦ ᠬᠥᠲᠥᠯᠥᠨ ᠵᠢᠯᠣᠭᠤᠳᠪᠠ᠃ | | | | ᠲᠤᠰ ᠤᠳᠠᠭᠠᠨ ᠤ ︽ᠬᠠᠤᠯᠢ ᠴᠠᠭᠠᠵᠠ ᠶᠢ ᠨᠠᠶᠢᠷ ᠨᠠᠭᠠᠳᠤᠮ ᠤᠨ ᠬᠤᠷᠠᠯ᠂ ᠤᠲᠣᠷ ᠲᠤ ᠬᠦᠷᠭᠡᠬᠦ︾ | ᠬᠠᠤᠯᠢ ᠲᠦᠭᠡᠮᠡᠯᠵᠢᠭᠦᠯᠬᠦ ᠠᠵᠢᠯᠯᠠᠭ᠎ᠠ ᠨᠢ ᠮᠠᠰᠢ ᠰᠠᠶᠢᠨ ᠤᠬᠠᠭᠤᠯᠭ᠎ᠠ ᠶᠢᠨ ᠦᠷ᠎ᠡ ᠪᠦᠲᠦᠮᠵᠢ ᠣᠯᠵᠤ᠂ ᠨᠡᠶᠢᠲᠡ | 500 ᠭᠠᠷᠤᠶ ᠬᠤᠪᠢ ᠬᠠᠤᠯᠢ ᠴᠠᠭᠠᠵᠠ ᠶᠢᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ 30 ᠭᠠᠷᠤᠶ | ᠬᠥᠮᠦᠨ ᠤᠳᠠᠭ᠎ᠠ ᠳᠤ ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ ᠬᠠᠩᠭᠠᠭᠰᠠᠨ ᠪᠠᠶᠢᠨ᠎ᠠ᠃ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠲᠠᠳ ︽ᠬᠠᠤᠯᠢᠵᠢᠯ ᠤᠨ ᠡᠯᠴᠢ︾ ᠪᠣᠯᠵᠤ᠂ | ᠣᠶᠢᠯᠠᠭᠠᠬᠤ ᠳᠤ ᠬᠦᠴᠢᠷ ᠬᠠᠤᠯᠢ ᠴᠠᠭᠠᠵᠠ ᠶᠢᠨ ᠵᠦᠢᠯ ᠵᠤᠷᠪᠤᠰ ᠢ ᠠᠮᠠᠷᠬᠠᠨ ᠣᠶᠢᠯᠠᠭᠠᠬᠤ ︽ᠠᠮᠢᠳᠤᠷᠠᠯ ᠤᠨ | ᠵᠦᠭᠯᠡᠭᠦᠷ︾ ᠪᠣᠯᠭᠠᠨ ᠬᠤᠪᠢᠷᠠᠭᠤᠯᠵᠤ᠂ ᠬᠠᠤᠯᠢ ᠴᠠᠭᠠᠵᠠ ᠶᠢ ᠲᠠᠯ᠎ᠠ ᠨᠤᠲᠤᠭ ᠤᠨ ᠤᠯᠠᠨ ᠲᠦᠮᠡᠨ ᠤ ᠠᠮᠢᠳᠤᠷᠠᠯ ᠢ | ᠰᠠᠬᠢᠨ ᠬᠠᠮᠠᠭᠠᠯᠠᠬᠤ ᠪᠠᠮᠪᠠᠢ ᠴᠠᠮᠬᠠᠭ ᠪᠣᠯᠭᠠᠵᠤ᠂ ᠲᠠᠯ᠎ᠠ ᠨᠤᠲᠤᠭ ᠤᠨ ᠡᠶ᠎ᠡ ᠵᠣᠬᠢᠴᠠᠩᠭᠤᠶ ᠲᠣᠭᠲᠠᠭᠤᠨ ᠪᠠᠶᠢᠳᠠᠯ | ᠪᠣᠯᠤᠨ ᠬᠥᠭᠵᠢᠯᠲᠡ ᠴᠡᠴᠡᠭᠯᠡᠯᠲᠡ ᠳᠤ ᠴᠢᠩᠭ᠎ᠠ ᠬᠦᠴᠦᠲᠡᠶ ᠬᠠᠤᠯᠢᠵᠢᠯ ᠤᠨ ᠬᠥᠳᠡᠯᠭᠡᠬᠦ ᠬᠦᠴᠦᠨ ᠨᠡᠮᠡᠷᠢᠯᠡᠭᠰᠡᠨ | ᠪᠠᠶᠢᠨ᠎ᠠ᠃ | ᠴᠢᠮᠡᠭᠡᠯᠡᠭᠴᠢ᠄ ᠴᠡᠯᠡᠭᠡᠷ | | | | |