6 ᠰᠠᠷ᠎ᠠ ᠶᠢᠨ 15 ᠤ ᠡᠳᠦᠷ᠂ ᠠᠷᠤ ᠬᠤᠷᠴᠢᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠠᠴᠠ ᠭᠤᠤᠯᠯᠠᠨ ᠡᠷᠬᠢᠯᠡᠭᠰᠡᠨ ︽ᠠᠷᠢᠭᠤᠨ ᠲᠠᠭᠰᠢᠨ ᠲᠠᠯ᠎ᠠ ᠨᠤᠲᠤᠭ᠂ ᠨᠡᠭᠦᠳᠡᠯ ᠮᠠᠯᠵᠢᠯ ᠤᠨ ᠪᠠᠭ᠋ᠠᠷᠬᠠᠯ︾ | ᠠᠷᠤ ᠬᠤᠷᠴᠢᠨ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠨᠡᠭᠦᠳᠡᠯ ᠮᠠᠯᠵᠢᠯ ᠤᠨ ᠰᠣᠶᠣᠯ ᠵᠢᠴᠢ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠬᠥᠳᠡᠭᠡ ᠠᠵᠤ ᠠᠬᠤᠶ ᠬᠤᠳᠠᠯᠳᠤᠭ᠎ᠠ ᠶᠢ ᠠᠭᠤᠰᠤᠯᠴᠠᠭᠤᠯᠬᠤ ᠰᠢᠷᠢᠰ | ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠠᠷᠤ ᠬᠤᠷᠴᠢᠨ ᠬᠤᠰᠢᠭᠤᠨ ᠤ ᠪᠠᠶ᠋ᠬᠠᠦ᠋ᠡᠳᠣᠷ ᠰᠤᠮᠤᠨ ᠳᠤ ᠤᠳᠬ᠎ᠠ | ᠲᠡᠭᠦᠯᠳᠡᠷ ᠶᠠᠪᠤᠭᠳᠠᠯ᠎ᠠ᠃ | | | | ᠡᠬᠢᠯᠡᠯᠲᠡ ᠶᠢᠨ ᠶᠣᠰᠣᠯᠠᠯ ᠨᠢ ᠨᠡᠭᠦᠳᠡᠯ ᠮᠠᠯᠵᠢᠯ ᠤᠨ ᠣᠨᠴᠠᠯᠢᠭ ᠢ ᠲᠣᠪᠣᠶᠢᠯᠭᠠᠡᠡᠰᠡᠨ ᠦᠬᠡᠷ ᠲᠡᠷᠭᠡ ᠶᠢᠨ | ᠡᠩᠨᠡᠭᠡ ᠪᠠᠷ ᠬᠥᠰᠢᠭᠡ ᠪᠠᠨ ᠰᠡᠬᠦᠵᠦ᠂ ᠮᠠᠨ ᠤ ᠣᠷᠣᠨ ᠤ ᠨᠠᠷᠠᠲᠤ ᠳᠠᠭᠤᠴᠢᠳ᠂ ᠰᠦᠯᠵᠢᠶᠡᠨ ᠣᠳᠣᠳ ᠵᠢᠴᠢ | ᠬᠤᠰᠢᠭᠤᠨ ᠤᠯᠠᠭᠠᠨᠮᠥ᠋ᠴᠢᠷ ᠤᠨ ᠲᠣᠭᠯᠠᠭᠴᠢᠳ ᠤᠨ ︽ᠪᠢ ᠡᠬᠡ ᠤᠯᠤᠰ ᠲᠠᠢ ᠪᠠᠨ ᠬᠠᠮᠲᠤ︾᠂ ︽ᠲᠠᠯ᠎ᠠ ᠨᠤᠲᠤᠭ | ᠪᠡᠭᠡᠵᠢᠩ ᠤᠨ ᠮᠥᠩᠬᠡ ᠶᠢᠨ ᠬᠤᠯᠪᠣᠭ᠎ᠠ︾᠂ ︽ᠭᠤᠷᠪᠠᠨ ᠭᠤᠤᠯ ᠤᠨ ᠨᠡᠭᠦᠳᠡᠯ︾ ᠵᠡᠷᠭᠡ ᠳᠠᠭᠤᠤ ᠬᠥᠭᠵᠢᠮ ᠤᠳ | ᠨᠢ ᠬᠤᠷᠠᠭᠰᠠᠨ ᠣᠯᠠᠨ ᠢ ᠪᠠᠶᠠᠰᠬᠠᠭᠰᠠᠨ ᠪᠠᠶᠢᠨ᠎ᠠ᠃ ᠵᠤᠭᠠᠴᠠᠭᠰᠠᠳ ᠤᠨ ᠲᠡᠷᠭᠡᠨ ᠠᠩᠭᠢ ᠪᠣᠯᠤᠨ ᠳᠤᠭᠤᠶ | ᠲᠡᠷᠭᠡᠨ ᠤ ᠵᠢᠭᠰᠠᠭᠠᠯ ᠵᠡᠷᠭᠡ ᠰᠢᠨ᠎ᠡ ᠡᠯᠧᠮᠧᠨ᠋ᠲ ᠤᠳ ᠨᠢ ᠤᠯᠠᠮᠵᠢᠯᠠᠯᠲᠤ ᠨᠡᠭᠦᠳᠡᠯ ᠮᠠᠯᠵᠢᠯ ᠤᠨ ᠰᠣᠶᠣᠯ ᠳᠤ ᠰᠢᠨ᠎ᠡ | ᠠᠮᠢᠵᠢᠷᠠᠯ ᠤᠨ ᠬᠦᠴᠦᠨ ᠨᠡᠮᠡᠷᠢᠯᠡᠵᠦ᠂ ᠰᠣᠶᠣᠯ ᠵᠤᠭᠠᠴᠠᠯ᠂ ᠪᠡᠶ᠎ᠡ ᠶᠢᠨ ᠲᠠᠮᠢᠷ᠂ ᠬᠥᠳᠡᠭᠡ ᠠᠵᠤ ᠠᠬᠤᠶ | ᠬᠤᠳᠠᠯᠳᠤᠭ᠎ᠠ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠠᠶ᠃ | | | | | | ᠬᠠᠮᠲᠤᠷᠠᠯᠴᠠᠭᠠᠨ ᠤ ᠭᠠᠷ ᠤᠨ ᠦᠰᠦᠭ ᠵᠢᠷᠤᠬᠤ ᠶᠣᠰᠣᠯᠠᠯ ᠳᠤ ᠪᠠᠶ᠋ᠬᠠᠦ᠋ᠡᠳᠣᠷ ᠲᠠᠷᠢᠶᠠᠯᠠᠩ ᠤᠨ | ᠦᠢᠯᠡᠴᠢᠯᠡᠭᠡᠨ ᠤ ᠺᠣᠮᠫᠠᠨᠢ ᠨᠢ ᠤᠯᠠᠭᠠᠨᠬᠠᠳᠠ ᠮᠧᠩ ᠶᠠᠨ ᠪᠠᠭᠤᠳᠠᠯ ᠪᠣᠯᠤᠨ ᠠᠵᠠᠲᠠᠶ ᠺᠣᠮᠫᠠᠨᠢ ᠯᠤᠭ᠎ᠠ ᠦᠬᠡᠷ | ᠬᠤᠨᠢᠨ ᠮᠢᠬᠠᠨ ᠤ ᠵᠠᠬᠢᠶᠠᠯᠠᠭ᠎ᠠ ᠶᠢᠨ ᠵᠥᠪᠯᠡᠯᠴᠡᠭᠡᠷ ᠲᠣᠭᠳᠠᠬᠤ ᠶᠢᠨ ᠬᠠᠮᠲᠤ ᠤᠯᠠᠭᠠᠡᠬᠠᠳᠠ ᠵᠢᠶᠠᠨ ᠭᠦᠸᠧ | ᠪᠦᠯᠦᠭᠯᠡᠯ ᠲᠠᠢ ᠵᠤᠭᠠᠴᠠᠯ ᠤᠨ ᠬᠥᠭᠵᠢᠯᠲᠡ ᠶᠢᠨ ᠵᠥᠪᠯᠡᠯᠴᠡᠭᠡᠷ ᠲᠣᠭᠲᠠᠵᠤ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠣᠡᠪᠣᠷᠢᠯᠡᠯ ᠪᠣᠷᠣᠯᠠᠭᠤᠯᠭ᠎ᠠ ᠵᠢᠴᠢ ᠣᠷᠣᠨ ᠪᠦᠰᠡ ᠶᠢᠨ ᠵᠤᠭᠠᠴᠠᠯ ᠤᠨ | ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠶ᠃ ᠰᠣᠶᠣᠯ ᠵᠢᠭᠤᠯᠴᠢᠯᠠᠯ | ᠪᠡᠶ᠎ᠡ ᠶᠢᠨ ᠲᠠᠮᠢᠷ ᠬᠥᠳᠡᠭᠡ ᠠᠵᠤ ᠠᠬᠤᠶ ᠬᠤᠳᠠᠯᠳᠤᠭ᠎ᠠ ᠶᠢᠨ ᠠᠭᠤᠰᠤᠯᠴᠠᠯ ᠤᠨ ᠠᠵᠢᠯᠯᠠᠭᠠᠨ ᠤ ᠲᠤᠬᠠᠶ ᠶᠢᠨ | ᠲᠠᠯᠠᠪᠠᠢ ᠳᠤ 40 ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠲᠢᠩᠬᠢᠮ ᠲᠠᠷᠢ ᠲᠡᠭᠰᠢ ᠡᠩᠨᠡᠷᠡᠵᠦ᠂ | ᠤᠯᠠᠮᠵᠢᠯᠠᠯᠲᠤ ᠴᠠᠭᠠᠨ ᠢᠳᠡᠭᠡᠨ᠂ ᠤᠷᠠᠨ ᠨᠠᠷᠢᠨ ᠬᠠᠳᠬᠤᠮᠠᠯ ᠤᠨ ᠪᠦᠲᠦᠭᠡᠯ ᠵᠡᠷᠭᠡ ᠦᠨᠳᠦᠰᠦᠲᠡᠨ ᠤ ᠪᠣᠳᠠᠰ ᠤᠨ | ᠪᠤᠰᠤ ᠰᠣᠶᠣᠯ ᠤᠨ ᠥᠪ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠣᠷᠣᠨ ᠨᠤᠲᠤᠭ ᠤᠨ ᠣᠨᠴᠠ ᠭᠠᠷᠤᠯᠲᠠ ᠶᠢ | ᠲᠠᠨᠢᠯᠴᠠᠭᠤᠯᠤᠨ ᠪᠣᠷᠣᠯᠠᠭᠤᠯᠪᠠ᠃ | | | | | | ᠥᠪᠡᠷ ᠢᠶᠠᠨ ᠲᠡᠷᠭᠡ ᠵᠢᠯᠣᠭᠤᠳᠴᠤ ᠵᠤᠭᠠᠴᠠᠨ ᠲᠣᠭᠤᠷᠢᠬᠤ᠂ ᠵᠢᠷᠤᠭ ᠰᠡᠭᠦᠳᠡᠷ ᠠᠪᠬᠤ ᠶᠢᠨ ᠳᠠᠭᠠᠤ | ᠵᠤᠭᠠᠴᠠᠬᠤ᠂ ᠳᠤᠭᠤᠶ ᠲᠡᠷᠭᠡ ᠪᠠᠷ ᠠᠶᠠᠯᠠᠬᠤ᠂ ᠬᠥᠳᠡᠯᠭᠡᠬᠦ ᠬᠦᠴᠦᠨ ᠤ ᠰᠢᠬᠦᠷ ᠤᠨ ᠲᠣᠭᠯᠠᠯᠲᠠ ᠭᠠᠷᠭᠠᠬᠤ ᠵᠡᠷᠭᠡ | ᠠᠵᠢᠯᠯᠠᠭ᠎ᠠ ᠨᠢ ᠵᠤᠭᠠᠴᠠᠭᠰᠠᠳ ᠲᠤ ᠨᠡᠭᠦᠳᠡᠯ ᠮᠠᠯᠵᠢᠯ ᠤᠨ ᠰᠣᠶᠣᠯ ᠪᠠ ᠲᠠᠯ᠎ᠠ ᠨᠤᠲᠤᠭ ᠤᠨ ᠵᠠᠩ ᠦᠢᠯᠡ ᠶᠢ ᠨᠠᠩ | ᠭᠦᠨᠵᠡᠭᠡᠶ ᠪᠡᠶᠡᠴᠢᠯᠡᠨ ᠣᠶᠢᠯᠠᠭᠠᠭᠤᠯᠣᠡᠡᠰᠡᠨ ᠪᠠᠶᠢᠨ᠎ᠠ᠃ | | | | | | ᠭᠤᠤᠯ ᠬᠤᠷᠠᠯ ᠤᠨ ᠲᠠᠯᠠᠪᠠᠢ ᠶᠢᠨ ᠮᠣᠷᠢᠨ ᠬᠡᠷᠡᠭᠰᠡᠯ ᠤᠨ ᠰᠢᠯᠭᠠᠷᠠᠭᠤᠯᠤᠯᠲᠠ ᠪᠣᠯᠤᠨ ᠬᠤᠪᠢᠶᠠᠷᠢ | ᠬᠤᠷᠠᠯ ᠤᠨ ᠲᠠᠯᠠᠪᠠᠢ ᠶᠢᠨ ᠠᠳᠤᠭᠤᠨ ᠰᠣᠶᠣᠯ ᠤᠨ ᠨᠠᠭᠠᠳᠤᠮ᠂ ᠮᠣᠷᠢᠨ ᠮᠡᠷᠭᠡᠵᠢᠯ᠂ ᠮᠣᠷᠢᠨ ᠤᠷᠤᠯᠳᠤᠭᠠᠨ ᠵᠡᠷᠭᠡ | ᠨᠢ ᠮᠣᠷᠢᠲᠠᠨ ᠦᠨᠳᠦᠰᠦᠲᠡᠨ ᠤ ᠴᠤᠭ ᠵᠢᠪᠬᠤᠭ᠎ᠠ ᠶᠢ ᠭᠦᠢᠴᠡᠣᠨ ᠢᠯᠡᠷᠡᠭᠦᠯᠪᠡ᠃ | | | | | | ᠠᠵᠢᠯᠯᠠᠭ᠎ᠠ ᠳᠤ ᠡᠯᠧᠺᠲᠷᠣᠨ ᠬᠤᠳᠠᠯᠳᠤᠭᠠᠨ ᠤ ᠨᠡᠶᠢᠭᠡᠮᠯᠢᠭ ᠲᠦᠷᠦᠭᠦᠯᠡᠨ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠳᠡᠯᠭᠡᠨ ᠦᠵᠡᠭᠦᠯᠬᠦ ᠲᠠᠪᠴᠠᠩ ᠢ ᠪᠠᠶᠢᠭᠤᠯᠵᠤ᠂ ᠰᠢᠭᠤᠳ ᠨᠡᠪᠲᠡᠷᠡᠭᠦᠯᠭᠡ ᠪᠠᠷ | ᠪᠠᠷᠠᠭ᠎ᠠ ᠪᠣᠷᠣᠯᠠᠭᠤᠯᠬᠤ᠂ ᠲᠠᠸᠠᠷ ᠤᠨ ᠠᠷᠠᠯᠵᠢᠶ᠎ᠠ ᠬᠢᠬᠦ ᠪᠠᠷ ᠳᠠᠮᠵᠢᠨ ᠮᠠᠯᠴᠢᠨ ᠲᠠᠷᠢᠶᠠᠴᠢᠨ ᠡᠷᠦᠬᠡ ᠪᠣᠯᠤᠨ ᠠᠵᠤ | ᠠᠬᠤᠶᠢᠯᠠᠯ ᠤᠨ ᠬᠤᠭᠤᠷᠣᠨᠳᠣᠬᠢ ᠵᠣᠯᠭᠠᠯᠴᠠᠭ᠎ᠠ ᠶᠢ ᠪᠠᠶᠢᠭᠤᠯᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃ | | | | ᠡᠭᠦᠨ ᠠᠴᠠ ᠭᠠᠳᠠᠨ᠎ᠠ᠂ ᠠᠮᠲᠠᠲᠤ ᠢᠳᠡᠭᠡᠨ ᠤ ᠦᠵᠡᠭᠦᠯᠭᠡ ᠳᠤ 20 ᠴᠡᠭ ᠲᠣᠬᠢᠷᠠᠭᠤᠯᠤᠨ | ᠤᠯᠠᠮᠵᠢᠯᠠᠯᠲᠤ ᠠᠮᠲᠠᠲᠤ ᠢᠳᠡᠭᠡᠨ ᠤ ᠪᠦᠲᠦᠭᠡᠭᠳᠡᠬᠦᠨ ᠢ ᠳᠡᠯᠭᠡᠨ ᠦᠵᠡᠭᠦᠯᠬᠦ ᠶᠢᠨ ᠬᠠᠮᠲᠤ ᠵᠤᠭᠠᠴᠠᠭᠰᠠᠳ ᠠᠮᠲᠠᠲᠤ | ᠢᠳᠡᠭᠡᠨ ᠢ ᠬᠢᠵᠦ ᠪᠣᠯᠪᠠᠰᠤᠷᠠᠭᠤᠯᠬᠤ ᠶᠠᠪᠤᠴᠠ ᠳᠤ ᠪᠡᠶᠡᠴᠢᠯᠡᠨ ᠣᠷᠣᠯᠴᠠᠵᠤ᠂ ᠥᠪᠡᠷᠮᠢᠴᠡ ᠣᠨᠴᠠᠯᠢᠭ ᠲᠠᠢ | ᠠᠮᠲᠠᠲᠤ ᠢᠳᠡᠭᠡᠨ ᠢ ᠠᠮᠲᠠᠯᠠᠵᠠᠶ᠃ | | | | ᠶᠣᠰᠣᠯᠠᠯ ᠨᠢ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ ᠴᠠᠬᠢᠯᠭᠠᠨ ᠬᠠᠩᠭᠠᠬᠤ ᠵᠡᠷᠭᠡ ᠣᠯᠠᠨ | ᠰᠠᠯᠠᠭ᠎ᠠ ᠮᠥᠴᠢᠷ ᠤᠨ ᠬᠠᠮᠵᠢᠯᠴᠠᠭ᠎ᠠ ᠳᠤᠤᠷ᠎ᠠ ᠠᠮᠵᠢᠯᠲᠠ ᠲᠠᠢ ᠶᠠᠪᠤᠭᠳᠠᠪᠠ᠂ ᠣᠶᠢᠯᠠᠭᠠᠡᠡᠰᠡᠨ ᠢᠶᠠᠷ᠂ ᠲᠤᠰ | ᠤᠳᠠᠭᠠᠨ ᠤ ᠠᠵᠢᠯᠯᠠᠭ᠎ᠠ ᠨᠢ ᠨᠡᠶᠢᠲᠡ ᠣᠯᠠᠨ ᠳᠠᠭᠠᠨ ᠠᠷᠤ ᠬᠤᠷᠴᠢᠨ ᠤ ᠲᠠᠯ᠎ᠠ ᠨᠤᠲᠤᠭ ᠤᠨ ᠨᠡᠭᠦᠳᠡᠯ ᠮᠠᠯᠵᠢᠯ ᠤᠨ | ᠰᠣᠶᠣᠯ ᠤᠨ ᠠᠭᠤᠯᠤᠭᠳᠠᠬᠤᠨ ᠪᠠ ᠣᠨᠴᠠᠯᠢᠭ ᠢ ᠲᠦᠭᠡᠮᠡᠯᠵᠢᠭᠦᠯᠦᠨ᠂ ᠨᠡᠭᠦᠳᠡᠯ ᠰᠣᠶᠣᠯ ᠤᠨ ᠤᠯᠠᠮᠵᠢᠯᠠᠯ ᠪᠣᠯᠤᠨ | ᠬᠥᠭᠵᠢᠯᠲᠡ ᠶᠢ ᠠᠬᠢᠭᠤᠯᠵᠤ᠂ ᠦᠨᠳᠦᠰᠦᠲᠡᠨ ᠤ ᠬᠤᠭᠤᠷᠣᠨᠳᠣᠬᠢ ᠣᠶᠢᠯᠠᠭᠠᠯᠴᠠᠭ᠎ᠠ ᠪᠣᠯᠤᠨ ᠰᠣᠯᠢᠯᠴᠠᠭ᠎ᠠ ᠶᠢ | ᠨᠡᠮᠡᠭᠳᠡᠭᠦᠯᠬᠦ ᠪᠠᠷ ᠵᠣᠷᠢᠯᠭ᠎ᠠ ᠪᠣᠯᠭᠠᠭᠰᠠᠨ ᠪᠠᠶᠢᠨ᠎ᠠ᠃ | ᠰᠣᠷᠪᠣᠯᠵᠢᠯᠬᠠᠴᠢ᠄ ᠬᠠᠮ ᠵᠠᠭᠤᠴᠢᠯᠠᠭᠤᠷ ᠤᠨ ᠪᠦᠬᠦ ᠰᠤᠷᠪᠤᠯᠵᠢᠯᠠᠭᠴᠢ | | | | |