ᠴᠠᠩᠫᠢᠩ ᠲᠣᠭᠤᠷᠢᠭ ᠤᠨ ᠬᠢᠨ ᠠᠷᠤ ᠬᠤᠷᠴᠢᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠵᠦ ᠵᠣᠯᠭᠠᠭᠤᠯᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/6/17
       ᠣᠶᠢᠷ᠎ᠡ ᠶᠢᠨ ᠡᠳᠦᠷ᠂ ᠴᠠᠩᠫᠢᠩ ᠲᠣᠭᠤᠷᠢᠭ ᠤᠨ ᠬᠥᠳᠡᠭᠡ ᠠᠵᠤ ᠠᠬᠤᠶ ᠬᠥᠳᠡᠭᠡ ᠲᠣᠰᠬᠤᠨ ᠤ ᠲᠣᠪᠴᠢᠶ᠎ᠠ ᠶᠢᠨ ᠳᠡᠳ᠋ ᠳᠠᠷᠤᠭ᠎ᠠ ᠯᠢ ᠸᠧᠶ ᠳ᠋ᠦᠩ ᠨᠠᠷ ᠮᠠᠨ ᠤ ᠬᠤᠰᠢᠭᠤᠨ ᠳᠤ ᠬᠡᠷᠡᠭᠯᠡᠭᠡ ᠪᠠᠷ ᠬᠠᠪᠰᠤᠷᠤᠨ ᠲᠡᠳᠬᠦᠬᠦ᠂ ᠲᠠᠷᠢᠶᠠᠯᠠᠩ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠬᠠᠮᠵᠢᠯᠴᠠᠨ ᠬᠠᠪᠰᠤᠷᠤᠨ ᠲᠡᠳᠬᠦᠬᠦ ᠭᠤᠤᠯᠳᠠᠯᠭ᠎ᠠ ᠲᠠᠢ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠵᠢᠶᠧ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠦ ᠭᠦᠸᠧ ᠳ᠋ᠦᠩ ᠠᠵᠢᠯᠯᠠᠭ᠎ᠠ ᠳᠤ ᠣᠷᠣᠯᠴᠠᠪᠠ᠃
       ᠪᠠᠶᠢᠴᠠᠭᠠᠨ ᠰᠤᠳᠤᠯᠬᠤ ᠲᠣᠭᠤᠶᠢᠯᠠᠩ ᠤᠨ ᠬᠢᠨ ᠤᠷᠢᠳ ᠬᠤᠵᠢᠳ ᠤᠯᠠᠭᠠᠨᠬᠠᠳᠠ ᠶᠢᠨ ᠮᠧᠩ ᠲᠢᠶᠠᠨ ᠠᠮᠤ ᠲᠣᠰᠣᠨ ᠤ ᠬᠢᠵᠠᠭᠠᠷᠲᠤ ᠺᠣᠮᠫᠠᠨᠢ᠂ ᠢᠳᠡᠭᠡᠨ ᠤ ᠴᠠᠷᠭᠠᠰᠤ ᠶᠢᠨ ᠤᠭᠤᠷᠠᠭ ᠪᠣᠯᠪᠠᠰᠤᠷᠠᠭᠤᠯᠬᠤ  ᠦᠢᠯᠡᠣᠡᠪᠣᠷᠢ ᠳᠤ ᠬᠦᠷᠴᠦ᠂ ᠴᠠᠩᠫᠢᠩ ᠤᠨ ᠬᠤᠸᠠᠩ ᠴᠧᠩ ᠠᠮᠤ ᠲᠣᠰᠣᠨ ᠤ ᠺᠣᠮᠫᠠᠨᠢ ᠶᠢᠨ ᠡᠷᠳᠡᠨᠢ ᠰᠢᠰᠢ ᠬᠤᠷᠢᠶᠠᠨ ᠨᠥᠭᠡᠴᠡᠯᠡᠵᠦ ᠪᠠᠶᠢᠭ᠎ᠠ ᠪᠠᠶᠢᠳᠡᠯ᠂ ᠴᠠᠩᠫᠢᠩ ᠤᠨ ᠲᠤᠰᠠᠯᠠᠨ ᠪᠠᠶᠢᠭᠤᠯᠤᠭᠰᠠᠨ ᠮᠧᠩ ᠲᠢᠶᠠᠨ ᠠᠮᠤ ᠲᠣᠰᠣᠨ ᠤ ᠺᠣᠮᠫᠠᠨᠢ ᠶᠢᠨ ᠡᠷᠳᠡᠨᠢ ᠰᠢᠰᠢ ᠶᠢ ᠪᠣᠯᠪᠠᠰᠤᠷᠠᠭᠤᠯᠬᠤ ᠪᠠᠶᠢᠭᠤᠯᠤᠯᠲᠠ ᠶᠢᠨ ᠲᠥᠷᠥᠯ ᠵᠦᠢᠯ ᠵᠢᠴᠢ ᠢᠳᠡᠭᠡᠨ ᠤ ᠴᠠᠷᠭᠠᠰᠤ ᠶᠢᠨ ᠤᠭᠤᠷᠠᠭ ᠪᠣᠯᠪᠠᠰᠤᠷᠠᠭᠤᠯᠬᠤ ᠦᠢᠯᠡᠣᠡᠪᠣᠷᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠡᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃
       ᠶᠠᠷᠢᠯᠴᠠᠬᠤ ᠬᠤᠷᠠᠯ ᠳᠡᠭᠡᠷ᠎ᠡ᠂ ᠶᠠᠩ ᠵᠢᠶᠧ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠥᠷᠨᠢᠭᠦᠯᠦᠭᠰᠡᠨ ᠪᠠᠶᠢᠳᠡᠯ ᠢ ᠲᠠᠨᠢᠯᠴᠠᠭᠤᠯᠵᠤ᠂ ᠲᠤᠰᠢᠶᠠᠯ ᠡᠭᠦᠷᠭᠡᠯᠡᠭᠰᠡᠨ ᠺᠠᠳ᠋ᠷ ᠴᠢᠳᠠᠪᠤᠷᠢᠲᠠᠨ ᠤ ᠲᠤᠬᠠᠶ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠶ᠃ ᠯᠢ ᠸᠧᠶ ᠳ᠋ᠦᠩ ᠢᠯᠡᠷᠬᠡᠶᠢᠯᠡᠬᠦ ᠳᠡᠭᠡᠨ᠂ ᠲᠤᠰᠢᠶᠠᠯ ᠡᠭᠦᠷᠭᠡᠯᠡᠭᠰᠡᠨ ᠺᠠᠳ᠋ᠷᠴᠤᠳ ᠬᠤᠶᠠᠷ ᠭᠠᠵᠠᠷ ᠰᠠᠯᠵᠤ ᠰᠠᠭᠤᠬᠤ᠂ ᠦᠭᠡ ᠬᠡᠯᠡᠨ ᠤ ᠰᠣᠯᠢᠯᠴᠠᠭ᠎ᠠ ᠨᠡᠪᠲᠡᠷᠡᠯᠴᠡᠭᠡ ᠬᠢᠬᠦ ᠵᠡᠷᠭᠡ ᠵᠦᠢᠯ ᠵᠦᠢᠯ ᠤᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠳᠡᠭᠡᠳᠦ ᠬᠡᠮᠵᠢᠶᠡᠨ ᠤ ᠦᠢᠯᠡᠰᠴᠢ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠷ ᠵᠡᠭᠦᠨ ᠪᠠᠷᠠᠭᠤᠨ ᠣᠷᠣᠨ ᠤ ᠬᠠᠮᠵᠢᠯᠴᠠᠬᠤ ᠠᠵᠢᠯ ᠳᠤ ᠬᠤᠪᠢ ᠨᠡᠮᠡᠷᠢ ᠪᠠᠨ ᠦᠵᠡᠭᠦᠯᠦᠭᠰᠡᠨ ᠪᠠᠶᠢᠨ᠎ᠠ᠃ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠺᠠᠳ᠋ᠷ ᠤᠯᠤᠰ ᠲᠦᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠨ᠎ᠡ ᠣᠷᠴᠢᠨ ᠲᠣᠭᠤᠷᠢᠨ ᠳᠤ ᠲᠦᠷᠭᠡᠨ ᠠᠭᠤᠰᠤᠯᠴᠠᠵᠤ᠂ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠣᠨ ᠪᠠᠳᠠᠷᠠᠭᠤᠯᠵᠤ᠂ ᠠᠷᠤ ᠬᠤᠷᠴᠢᠨ ᠬᠤᠰᠢᠭᠤᠨ ᠤ ᠡᠯ᠎ᠡ ᠲᠦᠷᠦᠯ ᠤᠨ ᠦᠢᠯᠡᠰ ᠤᠨ ᠬᠥᠭᠵᠢᠯᠲᠡ ᠶᠢ ᠪᠦᠬᠦ  ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠭᠤᠤᠯᠳᠠᠯᠭᠠᠲᠤ ᠡᠭᠦᠷᠭᠡ ᠲᠠᠢ ᠨᠢᠭᠲᠠ ᠤᠶᠠᠯᠳᠤᠭᠤᠯᠤᠨ᠂ ᠴᠠᠭ ᠲᠤᠬᠠᠶ ᠳᠤᠨᠢ ᠲᠥᠯᠥᠪᠵᠢᠭᠦᠯᠭᠡ ᠪᠠᠨ ᠡᠮᠬᠢᠯᠡᠨ ᠲᠢᠭᠯᠡᠵᠦ᠂ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠤᠰᠢᠶᠠᠬᠤ ᠪᠠ ᠬᠦᠯᠢᠶᠡᠨ ᠠᠪᠬᠤ ᠶᠢ ᠵᠣᠯᠭᠠᠭᠤᠯᠬᠤ ᠠᠵᠢᠯ ᠢ ᠰᠠᠶᠢᠳᠣᠷ ᠬᠢᠵᠦ᠂ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠵᠦ᠂ ᠠᠷᠤ ᠬᠤᠷᠴᠢᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠴᠠᠩᠫᠢᠩ ᠤᠨ ᠬᠥᠳᠡᠯᠭᠡᠬᠦ ᠬᠦᠴᠦᠨ ᠢ ᠨᠡᠮᠡᠷᠢᠯᠡᠬᠦ ᠬᠡᠷᠡᠭᠲᠡᠶ ᠭᠡᠵᠡᠶ᠃ ︵ᠯᠢ ᠬᠤᠸᠠᠨ ᠢᠦᠶ᠂ ᠬᠤ᠋ ᠵᠢᠩ ᠶᠤᠸᠠᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号