6 ᠰᠠᠷ᠎ᠠ ᠶᠢᠨ 20 ᠤ ᠡᠳᠦᠷ᠂ ︽ᠨᠠᠮ ᠤᠨ ᠤᠳᠤᠷᠢᠳᠤᠯᠭ᠎ᠠ ᠪᠠᠷ ︿ᠲᠠᠪᠤᠨ ᠬᠥᠮᠦᠵᠢᠯ﹀ ᠤᠨ ᠢᠲᠡᠭᠡᠯ ᠢ | ᠰᠢᠮᠡᠵᠢᠭᠦᠯᠦᠨ᠂ ᠰᠣᠶᠣᠯ ᠤᠷᠠᠯᠢᠭ ᠢᠶᠠᠷ ᠴᠢᠨᠠᠷ ᠰᠠᠶᠢᠳᠡᠢ ᠲᠡᠩᠴᠡᠭᠦᠷᠢᠲᠦ ᠬᠥᠭᠵᠢᠯᠲᠡ ᠶᠢ ᠡᠭᠦᠳᠦᠨᠡᠮ︾ ᠭᠤᠤᠯ | ᠰᠡᠳᠦᠪᠲᠦ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠠᠷᠪᠠᠨ ᠨᠢᠭᠡᠳᠦᠭᠡᠷ ᠬᠤᠭᠤᠴᠠᠭᠠᠨ ᠤ | ᠤᠷᠠᠯᠢᠭ ᠤᠨ ᠦᠵᠡᠭᠦᠯᠭᠡ ᠠᠮᠵᠢᠯᠲᠠ ᠲᠡᠭᠦᠰ ᠥᠨᠳᠥᠷᠯᠡᠯᠠ᠃ ᠬᠤᠰᠢᠭᠤᠨ ᠤᠳᠤᠷᠢᠳᠤᠯᠭ᠎ᠠ ᠭᠦᠸᠧ ᠯᠦ ᠮᠧᠩ᠂ | ᠸᠠᠩ ᠰᠢᠨ ᠾᠦᠢ᠂ ᠬᠥᠬᠡᠪᠠᠷᠰ᠂ ᠴᠧᠨ ᠢᠦᠶ ᠮᠢᠩ ᠦᠵᠡᠭᠦᠯᠭᠡ ᠶᠢᠨ ᠲᠣᠭᠯᠠᠯᠲᠠ ᠶᠢ ᠰᠣᠨᠢᠷᠬᠠᠪᠠ᠃ | | | | | | | | ᠲᠤᠰ ᠬᠤᠭᠤᠴᠠᠭᠠᠨ ᠤ ᠦᠵᠡᠭᠦᠯᠭᠡ ᠶᠢᠨ ᠲᠣᠭᠯᠠᠯᠲᠠ ᠨᠢ ︽ᠲᠠᠪᠤᠨ ᠬᠥᠮᠦᠵᠢᠯ ᠢ ᠵᠡᠷᠭᠡ ᠪᠠᠷ | ᠴᠢᠬᠤᠯᠠᠴᠢᠯᠠᠬᠤ︾ ᠬᠠᠷᠠᠯᠲᠠ ᠲᠠᠢ ᠨᠢᠭᠲᠠ ᠤᠶᠠᠯᠳᠤᠭᠤᠯᠤᠨ᠂ ᠤᠷᠠᠯᠢᠭ ᠤᠨ ᠪᠦᠲᠦᠭᠡᠯ ᠪᠠ ᠤᠷᠠᠯᠢᠭ ᠤᠨ | ᠲᠣᠭᠯᠠᠯᠲᠠ ᠪᠠᠷ ᠳᠠᠮᠵᠢᠨ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠯᠢᠳᠡᠭ ᠪᠥᠭᠡᠳ ᠲᠡᠩᠴᠡᠭᠦᠷᠢᠲᠡᠶ | ᠬᠥᠭᠵᠢᠯᠲᠡ ᠶᠢᠨ ᠡᠯᠪᠡᠭ ᠪᠠᠶᠠᠯᠢᠭ ᠦᠷ᠎ᠡ ᠪᠦᠲᠦᠭᠡᠯ ᠢ ᠪᠥᠬᠦ ᠲᠠᠯ᠎ᠠ ᠪᠠᠷ ᠳᠡᠯᠭᠡᠨ ᠦᠵᠡᠭᠦᠯᠵᠡᠶ᠃ ᠤᠷᠠᠯᠢᠭ ᠤᠨ | ᠪᠦᠲᠦᠭᠡᠯ ᠤᠨ ᠦᠵᠡᠭᠦᠯᠭᠡ ᠶᠢᠨ ᠲᠣᠭᠤᠷᠢᠭ ᠲᠤ ᠨᠡᠶᠢᠲᠡ 509 ᠪᠦᠲᠦᠭᠡᠯ ᠢ ᠳᠡᠯᠭᠡᠨ ᠦᠵᠡᠭᠦᠯᠵᠦ᠂ ᠤᠷᠠᠨ | ᠵᠢᠷᠤᠭ᠂ ᠤᠷᠠᠨ ᠪᠢᠴᠢᠯᠭᠡ᠂ ᠴᠠᠭᠠᠰᠤᠨ ᠬᠠᠶᠢᠴᠢᠯᠠᠮᠠᠯ ᠵᠡᠷᠭᠡ ᠡᠯ᠎ᠡ ᠲᠥᠷᠥᠯ ᠢ ᠬᠠᠮᠤᠷᠴᠤ᠂ ᠰᠤᠷᠤᠭᠴᠢᠳ ᠣᠯᠠᠨ | ᠬᠠᠷᠠᠭᠠᠰᠤ ᠠᠴᠠ ᠴᠠᠭ ᠦᠶ᠎ᠡ ᠶᠢ ᠵᠢᠷᠤᠭᠯᠠᠨ᠂ ᠭᠤᠸ᠎ᠠ ᠰᠠᠶᠢᠬᠠᠨ ᠤ ᠬᠥᠮᠦᠵᠢᠯ ᠪᠣᠯᠤᠨ ᠣᠶᠤᠨ ᠤ ᠬᠥᠮᠦᠵᠢᠯ | ᠠᠭᠤᠰᠤᠯᠴᠠᠭᠰᠠᠨ ᠦᠷ᠎ᠡ ᠪᠦᠲᠦᠮᠵᠢ ᠶᠢ ᠢᠯᠡᠷᠡᠭᠦᠯᠪᠡ᠃ | | | | | | | | | | ᠦᠵᠡᠭᠦᠯᠭᠡ ᠶᠢᠨ ᠤᠷᠠᠨ ᠰᠠᠶᠢᠬᠠᠨ ᠤ ᠲᠣᠭᠯᠠᠯᠲᠠ ᠳᠤ᠂ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ | ᠰᠤᠷᠭᠠᠭᠤᠯᠢ᠂ ᠬᠡᠦᠬᠡᠳ ᠤᠨ ᠴᠡᠴᠡᠷᠯᠢᠭ ᠠᠴᠠ ᠬᠦᠷᠦᠯᠴᠡᠨ ᠢᠷᠡᠭᠰᠡᠨ ᠰᠤᠷᠤᠭᠴᠢᠳ ᠪᠥᠵᠢᠭ᠂ ᠳᠠᠭᠤᠤ᠂ | ᠬᠥᠭᠵᠢᠮ᠂ ᠰᠢ ᠵᠦᠴᠦᠭᠡ ᠵᠡᠷᠭᠡ 20 ᠭᠠᠷᠤᠶ ᠲᠣᠭᠯᠠᠯᠲᠠ ᠭᠠᠷᠭᠠᠵᠤ᠂ ᠭᠤᠴᠣ ᠰᠠᠶᠢᠬᠠᠨ ᠲᠣᠭᠯᠠᠯᠲᠠ ᠪᠠᠷ ᠢᠶᠠᠨ | ᠴᠤᠭ ᠵᠣᠯᠪᠣᠭ᠎ᠠ ᠲᠠᠢ ᠣᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠬᠠᠷᠢᠭᠤᠴᠠᠯᠭ᠎ᠠ ᠡᠭᠦᠷᠭᠡᠯᠡᠬᠦ ᠤᠯᠤᠰ ᠭᠡᠷ ᠤᠨ | ᠬᠠᠶᠢᠷ᠎ᠠ ᠰᠡᠳᠬᠢᠯᠭᠡ ᠶᠢ ᠢᠯᠡᠷᠡᠭᠦᠯᠵᠦ᠂ ᠪᠥᠬᠦ ᠬᠤᠰᠢᠭᠤᠨ ᠤ ᠬᠡᠪ ᠴᠢᠨᠠᠷ ᠤᠨ ᠰᠤᠷᠭᠠᠨ ᠬᠥᠮᠦᠵᠢᠯ ᠢ | ᠭᠦᠡᠵᠡᠭᠡᠶᠢᠷᠡᠭᠦᠯᠵᠤ᠂ ᠶᠣᠰᠣ ᠰᠤᠷᠲᠠᠬᠤᠨ ᠢ ᠪᠣᠢ ᠪᠣᠯᠭᠠᠨ ᠬᠥᠮᠦᠨ ᠬᠥᠮᠦᠵᠢᠭᠦᠯᠬᠦ ᠠᠮᠢᠳᠤᠯᠢᠭ ᠦᠢᠯᠡᠳᠣᠯᠭᠡ ᠶᠢ | ᠨᠠᠶᠢᠳᠠᠪᠣᠷᠢᠵᠢᠭᠤᠯᠬᠤ ᠶᠢ ᠭᠦᠡᠵᠡᠭᠡᠢ ᠲᠠᠶᠢᠯᠪᠣᠷᠢᠯᠬᠠᠰᠡᠨ ᠪᠠᠶᠢᠨ᠎ᠠ᠃ ︵ᠯᠢᠦ ᠰᠢᠨ ᠲᠢᠩ᠂ ᠴᠡᠯᠮᠡᠭ︶ | | | | | | |