ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠥᠨᠳᠥᠷ ᠳᠤᠮᠳᠠᠳᠤ ᠳᠤ ᠰᠢᠯᠭᠠᠭᠤᠯᠬᠤ ᠰᠢᠯᠭᠠᠯᠲᠠ ᠠᠴᠠ ᠡᠮᠦᠨᠡᠬᠢ ᠰᠤᠷᠭᠠᠭᠤᠯᠢ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ  ᠲᠣᠭᠤᠷᠢᠨ ᠤ ᠢᠳᠡᠭᠡᠨ ᠤ ᠵᠦᠢᠯ ᠤᠨ ᠠᠮᠤᠷ ᠲᠦᠪᠰᠢᠨ ᠤ ᠲᠤᠰᠬᠠᠶ ᠪᠠᠶᠢᠴᠠᠭᠠᠯᠳᠠ ᠥᠷᠨᠢᠭᠦᠯᠪᠡ
ᠨᠡᠶᠢᠲᠡᠯᠡᠭᠰᠡᠨ ᠴᠠᠭ᠄
2025/6/26
       2025 ᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠠᠪᠰᠢᠬᠤ ᠨᠢᠭᠡᠳᠦᠯᠲᠡᠶ ᠰᠢᠯᠭᠠᠯᠲᠠ ᠣᠶᠢᠷᠠᠳᠬᠤ ᠲᠠᠰᠢᠷᠠᠮ ᠢᠶᠠᠷ᠂ 6 ᠰᠠᠷ᠎ᠠ ᠶᠢᠨ 24 ᠤ ᠡᠳᠦᠷ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠤᠰᠢᠭᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠤᠯᠪᠣᠭᠠᠯᠠᠨ ᠬᠠᠷᠢᠶᠠᠲᠤ ᠣᠷᠣᠨ ᠤ ᠥᠨᠳᠥᠷ ᠳᠤᠮᠳᠠᠳᠤ ᠳᠤ ᠰᠢᠯᠭᠠᠭᠤᠯᠬᠤ ᠡᠯ᠎ᠡ ᠰᠢᠯᠭᠠᠯᠲᠠ ᠶᠢᠨ ᠴᠡᠭ ᠤᠨ ᠰᠤᠷᠭᠠᠭᠤᠯᠢ ᠶᠢᠨ ᠬᠤᠭᠤᠯᠠᠨ ᠭᠡᠷ ᠲᠤ ᠭᠦᠡᠵᠡᠭᠡᠶᠢᠷᠡᠨ ᠢᠳᠡᠭᠡᠨ ᠤ ᠵᠦᠢᠯ ᠤᠨ ᠠᠮᠤᠷ ᠲᠦᠪᠰᠢᠨ ᠤ ᠲᠤᠰᠬᠠᠶ ᠬᠢᠨᠠᠨ ᠪᠠᠶᠢᠴᠠᠭᠠᠯᠲᠠ ᠥᠷᠨᠢᠭᠦᠯᠵᠦ᠂ ᠥᠨᠳᠥᠷ ᠳᠤᠮᠳᠠᠳᠤ ᠳᠤ ᠰᠢᠯᠭᠠᠭᠤᠯᠬᠤ ᠰᠢᠯᠭᠠᠯᠲᠠ ᠶᠢᠨ ᠬᠤᠭᠤᠴᠠᠭᠠᠨ ᠳᠠᠬᠢ ᠢᠳᠡᠭᠡᠨ ᠤ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ ᠪᠠᠲᠤ ᠪᠣᠯᠭᠠᠪᠠ᠃
       ᠲᠤᠰ ᠤᠳᠠᠭᠠᠨ ᠤ ᠪᠠᠶᠢᠴᠠᠭᠠᠯᠳᠠ ᠨᠢ ᠲᠤᠰᠬᠠᠶ ᠳᠤᠭᠤᠶᠢᠯᠠᠩ ᠪᠠᠶᠢᠭᠤᠯᠵᠤ᠂ ᠡᠯ᠎ᠡ ᠰᠢᠯᠭᠠᠯᠲᠠ ᠶᠢᠨ ᠴᠡᠭ ᠤᠨ ᠰᠤᠷᠭᠠᠭᠤᠯᠢ ᠶᠢᠨ ᠬᠤᠭᠤᠯᠠᠨ ᠭᠡᠷ ᠲᠤ ᠭᠦᠨᠵᠡᠭᠡᠶᠢᠷᠡᠨ ᠠᠵᠢᠯ ᠥᠷᠨᠢᠭᠦᠯᠪᠡ᠃ ᠪᠠᠶᠢᠴᠠᠭᠠᠬᠤ ᠠᠵᠢᠯᠲᠠᠳ ᠠᠴᠠ ᠢᠳᠡᠭᠡᠨ ᠤ ᠵᠦᠢᠯ ᠤᠨ ᠲᠦᠭᠦᠬᠡᠶ ᠮᠠᠲ᠋ᠧᠷᠢᠶᠠᠯ ᠤᠨ ᠪᠠᠷᠠᠭ᠎ᠠ ᠣᠷᠣᠭᠤᠯᠬᠤ ᠳᠤ ᠪᠠᠶᠢᠴᠠᠭᠠᠨ ᠰᠢᠯᠭᠠᠭᠰᠠᠨ ᠲᠡᠮᠳᠡᠭᠯᠡᠯ ᠬᠢᠭᠡᠳ ᠭᠡᠷᠡᠴᠢ ᠲᠡᠮᠳᠡᠭ ᠠᠪᠤᠭᠰᠠᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠠᠮᠤ᠂ ᠭᠤᠯᠢᠷ᠂ ᠲᠣᠰᠣ ᠵᠡᠷᠭᠡ ᠢᠳᠡᠭᠡᠨ ᠤ ᠮᠠᠲ᠋ᠧᠷᠢᠶᠠᠯ ᠤᠨ ᠢᠷᠡᠯᠲᠡ ᠶᠢ ᠮᠥᠷᠳᠡᠵᠦ ᠣᠯᠬᠤ ᠪᠠ ᠶᠠᠰᠤ ᠴᠢᠨᠠᠷ ᠨᠢ ᠪᠠᠷᠢᠮᠵᠢᠶ᠎ᠠ ᠳᠤ ᠬᠦᠷᠦᠭᠰᠡᠨ ᠪᠠᠶᠢᠬᠤ ᠶᠢ ᠦᠨᠡᠨᠬᠦ ᠪᠠᠲᠤᠯᠠᠪᠠ︔ ᠢᠳᠡᠭᠡᠨ ᠤ ᠵᠦᠢᠯ ᠢ ᠡᠳ᠋ᠰᠢᠭᠦᠯᠦᠨ ᠪᠣᠯᠪᠠᠰᠤᠷᠠᠭᠤᠯᠬᠤ ᠶᠠᠪᠤᠴᠠ ᠨᠢ ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ ᠨᠡᠶᠢᠴᠡᠬᠦ ᠡᠰᠡᠬᠦ ᠶᠢ ᠭᠤᠤᠯᠳᠠᠯᠭ᠎ᠠ ᠲᠠᠢ ᠬᠢᠨᠠᠨ ᠪᠠᠶᠢᠴᠠᠭᠠᠵᠣ᠂ ᠲᠦᠭᠦᠬᠡᠶ ᠪᠠ ᠪᠣᠯᠭᠤᠭᠰᠠᠨ ᠢᠳᠡᠭᠡᠨ ᠢ ᠰᠠᠯᠭᠠᠬᠤ ᠦᠭᠡᠶ᠂ ᠢᠳᠡᠭᠡᠨ ᠢ ᠭᠦᠢᠴᠡᠣᠨ ᠰᠠᠶᠢᠨ ᠪᠣᠯᠭᠤᠭᠠᠵᠤ ᠴᠢᠨᠠᠬᠤ ᠥᠬᠡᠶ ᠵᠡᠷᠭᠡ ᠠᠰᠠᠭᠤᠳᠠᠯ ᠡᠭᠦᠰᠬᠦ ᠶᠢ ᠬᠤᠷᠢᠭᠯᠠᠪᠠ︔ ᠢᠳᠡᠭᠡᠨ ᠤᠮᠳᠠᠭᠠᠨ ᠤ ᠵᠦᠢᠯ ᠤᠨ ᠬᠡᠷᠡᠭᠰᠡᠯ ᠢ ᠤᠬᠢᠶᠠᠵᠤ ᠠᠷᠢᠭᠤᠳᠬᠠᠬᠤ ᠲᠥᠬᠦᠭᠡᠷᠦᠮᠵᠢ ᠶᠢᠨ ᠠᠵᠢᠯᠯᠠᠭ᠎ᠠ ᠵᠢᠴᠢ ᠲᠡᠮᠳᠡᠭᠯᠡᠯ ᠤᠨ ᠪᠠᠶᠢᠳᠠᠯ ᠳᠤ ᠪᠠᠶᠢᠴᠠᠭᠠᠯᠲᠠ ᠬᠢᠵᠦ᠂ ᠵᠢᠷᠤᠮᠵᠢᠯ ᠲᠠᠢ ᠠᠵᠢᠯᠯᠠᠵᠤ ᠠᠷᠢᠭᠤᠨ ᠴᠡᠪᠡᠷ ᠪᠠᠶᠢᠬᠤ ᠶᠢ ᠪᠠᠲᠤᠯᠠᠪᠠ︔ ᠬᠤᠭᠤᠯᠠᠨ ᠭᠡᠷ ᠤᠨ ᠠᠵᠢᠯᠲᠠᠳ ᠤᠨ ᠡᠷᠡᠭᠦᠯ ᠮᠡᠨᠳᠦ ᠶᠢᠨ ᠪᠠᠶᠢᠴᠠᠭᠠᠯᠳᠠ ᠶᠢᠨ ᠭᠡᠷᠡᠴᠢ ᠲᠡᠮᠳᠡᠭ ᠵᠢᠴᠢ ᠬᠤᠪᠢ ᠬᠥᠮᠦᠨ ᠤ ᠡᠷᠡᠭᠦᠯ ᠬᠠᠮᠠᠭᠠᠯᠠᠯ ᠤᠨ ᠪᠠᠶᠢᠳᠡᠯ ᠢ ᠬᠢᠨᠠᠨ ᠰᠢᠯᠭᠠᠵᠤ᠂ ᠠᠵᠢᠯᠲᠠᠳ ᠤᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠴᠤ ᠡᠷᠡᠭᠦᠯ ᠴᠢᠭᠢᠷᠠᠭ ᠪᠠᠶᠢᠬᠤ ᠶᠢ ᠦᠨᠡᠨ ᠬᠦ ᠪᠠᠲᠤᠯᠠᠪᠠ᠃
       ᠪᠠᠶᠢᠴᠠᠭᠠᠯᠳᠠ ᠶᠢᠨ ᠬᠤᠭᠤᠴᠠᠭᠠᠨ ᠳᠤ᠂ ᠠᠵᠢᠯᠲᠠᠳ ᠠᠴᠠ ᠬᠤᠭᠤᠯᠠᠨ ᠭᠡᠷ ᠤᠨ ᠬᠠᠷᠢᠭᠤᠴᠠᠯᠭᠠᠲᠠᠨ ᠵᠢᠴᠢ ᠲᠣᠬᠠᠶᠢᠯᠬᠠᠰᠡᠨ ᠠᠵᠢᠯ ᠤᠨ ᠬᠥᠮᠦᠰ ᠲᠤ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠥᠨᠳᠥᠷ ᠳᠤᠮᠳᠠᠳᠤ ᠳᠤ ᠰᠢᠯᠭᠠᠭᠤᠯᠬᠤ ᠰᠢᠯᠭᠠᠯᠲᠠ ᠶᠢᠨ ᠬᠤᠭᠤᠴᠠᠭᠠᠨ ᠳᠠᠬᠢ ᠢᠳᠡᠭᠡᠨ ᠤᠮᠳᠠᠭᠠᠨ ᠤ ᠠᠮᠤᠷ ᠲᠦᠪᠰᠢᠨ ᠤ ᠴᠢᠬᠤᠯᠠ ᠴᠢᠨᠠᠷ ᠢ ᠴᠢᠬᠤᠯᠠᠴᠢᠯᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠡᠶᠢᠳᠠᠪᠤᠷᠢᠵᠢᠭᠤᠯᠬᠤ ᠶᠢ ᠱᠠᠭᠠᠷᠳᠠᠵᠠᠶ᠃ ᠡᠭᠦᠨ ᠤ ᠬᠠᠮᠲᠤ᠂ ᠸᠢᠴᠠᠲ ᠣᠯᠠᠨ ᠨᠡᠶᠢᠲᠡ ᠶᠢᠨ ᠳ᠋ᠤᠭᠠᠷ᠂ ᠠᠯᠪᠠᠨ ᠤ ᠲᠤᠤᠷ ᠰᠦᠯᠵᠢᠶ᠎ᠡ ᠵᠡᠷᠭᠡ ᠲᠠᠪᠴᠠᠩ ᠤᠨ  ᠨᠡᠶᠢᠳᠡᠯᠡᠯ ᠢᠶᠠᠷ ᠰᠢᠯᠭᠠᠭᠤᠯᠤᠭᠴᠢ ᠪᠣᠯᠤᠨ ᠭᠡᠷ ᠤᠨ ᠠᠬᠠᠮᠠᠳ ᠲᠤ ᠢᠳᠡᠭᠡᠨ ᠤ ᠵᠦᠢᠯ ᠤᠨ  ᠠᠮᠤᠷ  ᠲᠦᠪᠰᠢᠨ  ᠤ  ᠬᠡᠷᠡᠭᠯᠡᠭᠡ  ᠶᠢᠨ  ᠰᠠᠨᠠᠭᠤᠯᠤᠮᠵᠢ  ᠥᠭᠴᠦ᠂ ᠢᠳᠡᠭᠡᠨ ᠤᠮᠳᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ ᠪᠠᠬᠢᠵᠢᠭᠦᠯᠪᠡ᠃ ᠥᠨᠳᠥᠷ ᠳᠤᠮᠳᠠᠳᠤ ᠳᠤ ᠰᠢᠯᠭᠠᠭᠤᠯᠬᠤ ᠰᠢᠯᠭᠠᠯᠲᠠ ᠶᠢᠨ ᠬᠤᠭᠤᠴᠠᠭᠠᠨ ᠳᠤ᠂ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ ᠰᠢᠯᠭᠠᠭᠤᠯᠤᠭᠴᠢ ᠶᠢᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ ᠰᠤᠷᠤᠭᠴᠢᠳ ᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠳᠤ ᠪᠠᠲᠤᠯᠠᠭ᠎ᠠ  ᠥᠭᠬᠦ ᠪᠣᠯᠤᠨ᠎ᠠ᠃ ︵ᠵᠣᠤ ᠶᠠ ᠨᠠᠨ᠂ ᠭᠢᠯᠠᠯᠵᠠᠨ᠎ᠠ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号