ᠣᠶᠢᠷ᠎ᠠ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠠᠷᠠᠳ ᠤᠨ | ᠠᠮᠢᠳᠤᠷᠠᠯ ᠢ ᠤᠯᠠᠮ ᠨᠢᠭᠡ ᠠᠯᠬᠤᠮ ᠪᠠᠲᠤᠯᠠᠨ ᠰᠠᠶᠢᠵᠢᠷᠠᠭᠤᠯᠵᠤ ᠣᠯᠠᠨ ᠲᠦᠮᠡᠨ ᠤ ᠪᠠᠴᠢᠮᠳᠠᠯ ᠬᠦᠴᠢᠷᠳᠡᠯ | ᠵᠣᠪᠠᠨᠢᠯ ᠬᠦᠰᠡᠮᠵᠢᠯᠡᠯ ᠢ ᠬᠦᠴᠦᠯᠡᠨ ᠰᠢᠢᠳᠪᠦᠷᠢᠯᠡᠬᠦ ᠲᠤᠬᠠᠢ ᠰᠠᠨᠠᠯ︾ ᠢ ᠳᠠᠷᠤᠮᠠᠯᠯᠠᠨ ᠶᠠᠪᠤᠭᠤᠯᠤᠭᠠᠳ᠂ | ︽ᠨᠥᠬᠦᠴᠡᠯ ᠲᠠᠢ ᠭᠠᠵᠠᠷ ᠣᠷᠣᠨ ᠢ ᠬᠥᠲᠥᠯᠥᠨ ᠵᠢᠯᠤᠭᠤᠳᠴᠤ ᠪᠠᠶᠢᠭᠠᠳ ᠦᠷᠡᠵᠢᠯ ᠤᠨ ᠳᠠᠭᠠᠳᠬᠠᠯ ᠦᠷᠡᠵᠢᠯ ᠤᠨ | ᠨᠡᠮᠡᠯᠭᠡ ᠶᠢ ᠠᠵᠢᠯ ᠤᠨ ᠴᠤᠪᠤᠷᠠᠯ ᠶᠣᠰᠣᠭᠠᠷ ᠳᠠᠭᠠᠳᠬᠠᠯ ᠳᠤ ᠣᠷᠣᠯᠴᠠᠭᠰᠠᠳ ᠲᠤ ᠰᠢᠭᠤᠳ ᠣᠯᠭᠤᠬᠤ ᠶᠢ | ᠳᠡᠮᠵᠢᠨ᠎ᠡ︾ ᠭᠡᠵᠦ ᠱᠠᠭᠠᠷᠳᠠᠪᠠ᠃ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠡᠯ᠎ᠡ | ᠭᠠᠵᠠᠷ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠦᠷᠡᠵᠢᠯ ᠤᠨ ᠨᠡᠮᠡᠯᠭᠡ ᠣᠯᠭᠤᠬᠤ | ᠴᠤᠪᠤᠷᠠᠯ ᠢᠶᠠᠨ ᠰᠢᠯᠢᠳᠡᠭᠵᠢᠭᠦᠯᠬᠦ ᠶᠢ ᠨᠢ ᠢᠳᠡᠪᠬᠢᠲᠡᠢ ᠠᠬᠢᠭᠤᠯᠵᠤ᠂ ᠦᠷᠡᠵᠢᠯ ᠳᠤ ᠨᠥᠬᠦᠷᠰᠡᠭ ᠬᠡᠯᠪᠡᠷᠢ ᠶᠢᠨ | ᠨᠡᠶᠢᠭᠡᠮ ᠢ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ᠃ 6 ᠳ᠋ᠤᠭᠠᠷ ᠰᠠᠷ᠎ᠠ ᠶᠢᠨ 12 ᠤᠨ ᠡᠳᠦᠷ | ᠪᠣᠯᠲᠠᠯ᠎ᠠ᠂ ᠪᠥᠬᠦ ᠤᠯᠤᠰ ᠤᠨ 13 ᠮᠤᠵᠢ ᠣᠷᠣᠨ ᠤ ᠨᠢᠭᠡᠳᠦᠯᠲᠡᠢ ᠲᠥᠯᠥᠪᠯᠡᠬᠦ ᠪᠦᠬᠦᠶᠢᠯᠡ ᠭᠠᠵᠠᠷ ᠣᠷᠣᠨ ᠳᠤ | ᠦᠷᠡᠵᠢᠯ ᠤᠨ ᠨᠡᠮᠡᠯᠭᠡ ᠶᠢ ᠴᠥᠮ ᠬᠤᠪᠢ ᠬᠥᠮᠥᠨ ᠳᠤ ᠰᠢᠭᠤᠳ ᠣᠯᠭᠤᠵᠤ ᠪᠣᠯᠣᠨ᠎ᠠ᠂ ᠲᠤᠬᠠᠶᠢᠯᠠᠪᠠᠯ ᠱᠠᠨ ᠰᠢ᠂ | ᠥᠪᠥᠷ ᠮᠣᠩᠭᠤᠯ᠂ ᠬᠠᠷᠠᠮᠥ᠋ᠷᠡᠨ᠂ ᠱᠠᠩᠬᠠᠢ᠂ ᠹᠦᠵᠢᠶᠠᠨ᠂ ᠱᠠᠨᠳᠦ᠋ᠩ᠂ ᠬᠤᠪᠧᠢ᠂ ᠬᠠᠶᠢᠨᠠᠨ᠂ ᠴᠦᠩᠴᠢᠩ᠂ | ᠭᠠᠨᠰᠤ᠂ ᠬᠥᠬᠡᠨᠠᠭᠤᠷ᠂ ᠨᠢᠩᠰᠢᠶᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ | ᠵᠡᠷᠭᠡ ᠪᠣᠢ᠃ ᠡᠭᠦᠨ ᠤ ᠬᠠᠮᠲᠤ᠂ ᠶᠦᠨᠨᠠᠨ ᠮᠤᠵᠢ ᠴᠤ ᠣᠶᠢᠷ᠎ᠠ ᠳᠤ ᠠᠯᠪᠠᠨ ᠶᠣᠰᠣᠭᠠᠷ ᠪᠢᠴᠢᠭ ᠮᠠᠲ᠋ᠧᠷᠢᠶᠠᠯ | ᠨᠡᠶᠢᠲᠡᠯᠡᠭᠡᠳ᠂ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠶᠦᠨᠨᠠᠨ ᠪᠥᠬᠦ ᠮᠤᠵᠢ ᠳᠤ ᠦᠷᠡᠵᠢᠯ ᠤᠨ | ᠨᠡᠮᠡᠯᠭᠡ ᠶᠢ ᠬᠤᠪᠢ ᠬᠥᠮᠥᠨ ᠳᠤ ᠰᠢᠭᠤᠳ ᠣᠯᠭᠤᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ ᠭᠡᠵᠡᠢ᠃ ᠶᠡᠷᠦᠩᠬᠡᠢ ᠳᠤ | ᠨᠢ ᠦᠵᠡᠪᠡᠯ᠂ ᠪᠥᠬᠦ ᠤᠯᠤᠰ ᠤᠨ ᠪᠠᠷᠤᠭ 6 ᠬᠤᠪᠢ ᠶᠢᠨ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠨᠢ ᠬᠤᠪᠢ | ᠬᠥᠮᠥᠨ ᠳᠤ ᠰᠢᠭᠤᠳ ᠣᠯᠭᠤᠬᠤ ᠶᠢ ᠪᠡᠶᠡᠯᠡᠭᠦᠯᠦᠭᠰᠡᠨ ᠪᠠᠶᠢᠨ᠎ᠠ᠃ ᠨᠢᠭᠡᠳᠦᠯᠲᠡᠢ ᠲᠥᠯᠥᠪᠯᠡᠬᠦ ᠭᠠᠵᠠᠷ | ᠣᠷᠣᠨ ᠨᠤᠭᠤᠳ ᠤᠨ ᠦᠷᠡᠵᠢᠯ ᠤᠨ ᠨᠡᠮᠡᠯᠭᠡ ᠣᠯᠭᠤᠵᠤ ᠪᠠᠶᠢᠭ᠎ᠠ ᠣᠳᠣᠬᠠᠨ ᠤ ᠪᠠᠶᠢᠳᠠᠯ ᠢ ᠳᠠᠷᠠᠭᠠᠬᠢ | ᠬᠦᠰᠦᠨᠦᠭᠲᠦ ᠠᠴᠠ ᠨᠠᠷᠢᠯᠢᠭ ᠣᠶᠢᠯᠠᠭᠠᠭᠠᠷᠠᠢ᠃ | | | |