ᠠᠷᠤ ᠬᠤᠷᠴᠢᠨ ᠬᠤᠰᠢᠭᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠰᠥᠨ ᠠᠵᠢᠯᠴᠢᠨ ᠤ ᠴᠠᠯᠢᠩ ᠤᠨ ᠪᠠᠲᠤᠯᠠᠭ᠎ᠠ ᠶᠢᠨ ᠳᠦᠷᠢᠮ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/27
       ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠰᠥᠨ ᠠᠵᠢᠯᠴᠢᠨ ᠤ ᠴᠠᠯᠢᠩ ᠤᠨ ᠪᠠᠲᠤᠯᠠᠭ᠎ᠠ ᠶᠢᠨ ᠳᠦᠷᠢᠮ︾ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠶᠢᠨ ᠲᠤᠰᠠᠳᠠ᠂ 6 ᠰᠠᠷ᠎ᠠ ᠶᠢᠨ 27 ᠤ ᠡᠳᠦᠷ᠂ ᠬᠤᠰᠢᠭᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠣᠰᠤᠨ ᠠᠰᠢᠭᠯᠠᠯᠲᠠ᠂ ᠠᠵᠤ ᠦᠢᠯᠡᠣᠡᠪᠣᠷᠢ ᠮᠡᠳᠡᠭᠡ ᠵᠠᠩᠭᠢᠴᠢᠯᠡᠯᠲᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠬᠥᠳᠡᠯᠮᠦᠷᠢ ᠬᠦᠴᠦ ᠬᠡᠷᠡᠭᠯᠡᠬᠦ ᠬᠦᠷᠢᠶᠡᠨ ᠳᠠᠬᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
       ᠠᠵᠢᠯᠯᠠᠭ᠎ᠠ ᠳᠤ᠂ ᠬᠠᠮᠢᠶ᠎ᠠ ᠪᠦᠬᠦᠢ ᠠᠵᠢᠯᠲᠠᠨ ᠠᠴᠠ ᠠᠮᠢᠳᠤᠯᠢᠭ ᠬᠡᠷᠡᠭ ᠤᠨ ᠵᠢᠱᠢᠶ᠎ᠠ ᠶᠢ ᠤᠶᠠᠯᠳᠤᠭᠤᠯᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠵᠦ᠂ ᠴᠠᠯᠢᠩ ᠥᠭᠬᠦ᠂ ᠡᠷᠬᠡ ᠠᠰᠢᠭ ᠢᠶᠠᠨ ᠬᠠᠮᠠᠭᠠᠯᠠᠬᠤ ᠵᠡᠷᠭᠡ ᠭᠤᠤᠯᠳᠠᠯᠭ᠎ᠠ ᠲᠠᠢ ᠠᠭᠤᠯᠭ᠎ᠠ ᠳᠤ ᠴᠢᠭᠯᠡᠭᠦᠯᠦᠨ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠣᠷᠢᠯᠠᠯᠳᠠ ᠬᠢᠬᠦ ᠶᠢᠨ ᠬᠠᠮᠲᠤ᠂ ᠲᠤᠬᠠᠶ ᠶᠢᠨ ᠲᠠᠯᠠᠪᠠᠢ ᠳᠤ ᠮᠠᠳᠠᠭ ᠲᠠᠢ ᠠᠰᠠᠭᠤᠯᠲᠠ ᠳᠤ ᠬᠠᠷᠢᠭᠤᠯᠲᠠ ᠥᠭᠴᠦ᠂ ᠬᠥᠮᠦᠨ ᠬᠡᠷᠡᠭᠯᠡᠬᠦ ᠨᠢᠭᠡᠴᠡ ᠶᠢᠨ ᠠᠵᠢᠯᠴᠢᠨ ᠬᠡᠷᠡᠭᠯᠡᠬᠦ ᠶᠢ ᠵᠢᠷᠤᠮᠵᠢᠭᠤᠯᠬᠤ ᠬᠠᠷᠢᠭᠤᠴᠠᠯᠭᠠᠲᠤ ᠤᠬᠠᠮᠰᠠᠷ ᠢ ᠴᠢᠩᠭᠠᠷᠠᠭᠤᠯᠤᠭᠰᠠᠨ ᠪᠥᠭᠡᠳ ᠬᠥᠯᠥᠰᠥᠨ ᠠᠵᠢᠯᠴᠢᠨ ᠢ ᠬᠠᠪᠰᠤᠷᠤᠨ ᠡᠷᠬᠡ ᠠᠰᠢᠭ ᠢᠶᠠᠨ ᠬᠠᠮᠠᠭᠠᠯᠠᠬᠤ ᠠᠷᠭ᠎ᠠ ᠠᠪᠴᠠᠯ ᠪᠠ ᠠᠷᠭ᠎ᠠ ᠵᠠᠮ ᠢ ᠡᠵᠡᠮᠰᠢᠭᠦᠯᠵᠦ᠂ ᠬᠥᠳᠡᠯᠮᠦᠷᠢᠴᠢᠳ ᠤᠨ ᠡᠷᠬᠡ ᠠᠰᠢᠭ ᠢ ᠬᠠᠮᠠᠭᠠᠯᠠᠬᠤ ᠳᠤ ᠬᠦᠴᠦᠨ ᠨᠡᠮᠡᠷᠢᠯᠡᠪᠡ᠃
       ᠬᠤᠰᠢᠭᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠦᠷᠭᠦᠯᠵᠢᠯᠡᠨ ᠤᠬᠠᠭᠤᠯᠭ᠎ᠠ ᠶᠢᠨ ᠬᠡᠯᠪᠡᠷᠢ ᠪᠠᠨ ᠪᠠᠶᠠᠯᠢᠭᠵᠢᠭᠤᠯᠤᠨ᠂ ︽ᠳᠦᠷᠢᠮ︾ ᠤᠨ ᠲᠦᠭᠡᠮᠡᠯᠵᠢᠭᠦᠯᠦᠯᠲᠡ ᠶᠢ ᠤᠯᠠᠮ ᠨᠢᠭᠡ ᠠᠯᠬᠤᠮ ᠥᠷᠭᠡᠳᠬᠡᠨ ᠠᠬᠢᠭᠤᠯᠬᠤ ᠶᠢᠨ ᠬᠠᠮᠲᠤ᠂ ᠬᠥᠮᠦᠨ ᠬᠡᠷᠡᠭᠯᠡᠬᠦ ᠨᠢᠭᠡᠴᠡ ᠶᠢᠨ ᠬᠢᠨᠠᠨ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠳᠬᠠᠵᠤ᠂ ᠬᠥᠯᠥᠰᠥᠨ ᠠᠵᠢᠯᠴᠢᠨ ᠤ ᠴᠠᠯᠢᠩ ᠢ ᠥᠷᠢᠲᠦᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠥᠯᠥᠰᠥᠨ ᠠᠵᠢᠯᠴᠢᠨ ᠤ ᠰᠢᠷᠭᠠᠭᠤ ᠬᠥᠳᠡᠯᠮᠦᠷᠢ ᠳᠤ ᠦᠨᠡᠨ ᠬᠦ ᠪᠠᠲᠤᠯᠠᠭ᠎ᠠ ᠬᠠᠩᠭᠠᠨ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠡᠯ ᠢ ᠬᠠᠮᠠᠭᠠᠯᠠᠬᠤ ᠪᠣᠯᠤᠨ᠎ᠠ᠃ ︵ᠵᠣᠤ ᠶᠠ ᠨᠠᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号