6 ᠰᠠᠷ᠎ᠠ ᠶᠢᠨ 26 ᠤ ᠡᠳᠦᠷ᠂ ᠠᠷᠤ ᠬᠤᠷᠴᠢᠨ ᠬᠤᠰᠢᠭᠤᠨ ᠤ ᠠᠷᠪᠠᠨ ᠨᠠᠢᠮᠠᠳᠣᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠴᠢᠨ ᠨᠢᠭᠡᠳᠦᠭᠡᠷ ᠤᠳᠠᠭᠠᠨ ᠤ | ᠬᠤᠷᠠᠯ ᠬᠤᠷᠠᠯᠳᠤᠭᠤᠯᠵᠤ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠡᠷᠬᠢᠯᠡᠭᠴᠢ ᠵᠠᠩ ᠬᠤᠩ ᠰᠢᠨ᠂ ᠳᠡᠳ᠋ ᠡᠷᠬᠢᠯᠡᠭᠴᠢ ᠬᠥᠬᠡᠪᠡᠷᠰ᠂ ᠴᠢᠨ ᠶᠤᠸᠠᠢ ᠭᠦᠸᠧ᠂ ᠵᠠᠩ ᠰᠢᠤᠢ | ᠫᠧᠩ ᠵᠢᠴᠢ ᠪᠠᠶᠢᠩᠭᠤ ᠶᠢᠨ ᠬᠤᠷᠢᠶ᠎ᠠ ᠶᠢᠨ 23 ᠨᠡᠷ᠎ᠡ ᠭᠡᠰᠢᠭᠦᠨ ᠬᠤᠷᠠᠯ ᠳᠤ ᠣᠷᠣᠯᠴᠠᠵᠠᠶ᠃ ᠬᠥᠬᠡᠪᠠᠷᠰ ᠬᠤᠷᠠᠯ ᠢ | ᠡᠷᠭᠢᠯᠡᠪᠡ᠃ | | | | ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ | ᠶᠠᠪᠤᠳᠠᠯ ᠢ ᠪᠠᠲᠤᠯᠠᠵᠤ᠂ ᠬᠤᠰᠢᠭᠤᠨ ᠠᠷᠠᠳ ᠤᠨ ᠵᠠᠰᠠᠭ ᠤᠨ ᠣᠷᠳᠣᠨ ᠤ ︽ᠪᠦᠬᠦ ᠬᠤᠰᠢᠭᠤᠨ ᠤ ᠬᠤᠲᠠ | ᠬᠥᠳᠡᠭᠡ ᠶᠢᠨ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ | ᠬᠠᠮᠢᠶᠠᠷᠤᠯᠲᠠ ᠶᠢᠨ ᠪᠠᠶᠢᠳᠡᠯ ᠤᠨ ᠲᠤᠬᠠᠶ ᠮᠡᠳᠡᠭᠦᠯᠦᠯᠲᠠ︾ ︽ᠪᠦᠬᠦ ᠬᠤᠰᠢᠭᠤᠨ ᠤ ᠬᠢᠲᠠᠳ ︵ᠮᠣᠩᠭᠤᠯ︶ ᠡᠮ | ᠡᠮᠨᠡᠯᠭᠡ ᠶᠢᠨ ᠦᠢᠯᠡᠰ ᠤᠨ ᠬᠥᠭᠵᠢᠯᠲᠡ ᠶᠢᠨ ᠪᠠᠶᠢᠳᠡᠯ ᠤᠨ ᠲᠤᠬᠠᠶ ᠮᠡᠳᠡᠭᠦᠯᠦᠯᠲᠡ︾᠂ ᠬᠤᠰᠢᠭᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠳᠠ ᠶᠢᠨ ᠳᠤᠭᠤᠶᠢᠯᠠᠩ ᠤᠨ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ﹀ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ | ᠲᠤᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠳᠠ ᠶᠢᠨ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠪᠡ᠃ | ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠷᠠᠳ ᠤᠨ ᠵᠠᠰᠠᠭ ᠤᠨ ᠣᠷᠳᠣᠨ ᠤ | ᠪᠠᠶᠢᠩᠭᠤ ᠶᠢᠨ ᠳᠡᠳ᠋ ᠳᠠᠷᠤᠭ᠎ᠠ ᠭᠦᠸᠧ ᠯᠦ ᠮᠧᠩ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠶᠦᠩ ᠮᠢᠩ᠂ ᠬᠤᠰᠢᠭᠤᠨ ᠠᠷᠠᠳ ᠤᠨ ᠪᠠᠶᠢᠴᠠᠭᠠᠬᠤ | ᠬᠤᠷᠢᠶᠠᠨ ᠤ ᠪᠠᠶᠢᠴᠠᠭᠠᠬᠤ ᠳᠠᠷᠤᠭ᠎ᠠ ᠪᠦᠦ ᠵᠢᠶᠧ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ | ᠬᠤᠲᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ | ᠥᠩᠭᠡᠷᠡᠭᠰᠡᠨ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ | ᠬᠤᠷᠠᠯ ᠳᠤ ᠰᠤᠯᠠ ᠣᠷᠣᠯᠴᠠᠪᠠ᠃ ︵ᠯᠢ ᠬᠤᠸᠠᠨ ᠢᠦᠢ︶ |