ᠠᠮᠤᠷ ᠲᠦᠪᠰᠢᠨ ᠤ ᠰᠣᠶᠣᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠠᠮᠤᠷ ᠲᠦᠪᠰᠢᠨ ᠤ | ᠤᠬᠠᠮᠰᠠᠷ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠪᠥᠬᠦ ᠤᠯᠤᠰ ᠤᠨ 24 ᠳᠠᠬᠢ ᠠᠶᠤᠯᠭᠦᠶ | ᠦᠢᠯᠡᠣᠡᠪᠣᠷᠢᠯᠡᠯ ᠤᠨ ᠰᠠᠷ᠎ᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢᠨ ᠲᠥᠯᠥᠭᠡ᠂ 6 | ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ᠂ ᠬᠤᠰᠢᠭᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠠᠵᠢᠯᠴᠢᠨ ᠤ ᠶᠡᠷᠦᠩᠬᠡᠶ ᠡᠪᠯᠡᠯ ᠬᠠᠮᠲᠤᠷᠠᠨ ᠬᠤᠶᠠᠳᠤᠭᠠᠷ | ᠬᠤᠭᠤᠴᠠᠭᠠᠨ ᠤ ︽ᠠᠨ ᠺᠠᠩ ᠬᠤᠨᠳᠠᠭᠠᠲᠤ︾ ᠠᠵᠢᠯᠲᠠᠨ ᠠᠵᠢᠯᠴᠢᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ | ᠴᠤᠭᠯᠠᠭᠠᠨ ᠢ ᠡᠷᠬᠢᠯᠡᠨ ᠶᠠᠪᠤᠭᠳᠠᠭᠤᠯᠪᠠ᠃ | | | | | | ᠲᠤᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ | ᠫᠢᠩᠫᠠᠩ ᠪᠥᠮᠪᠦᠭᠡ᠂ ᠳᠡᠭᠡᠰᠦ ᠲᠠᠲᠠᠬᠤ ᠵᠡᠷᠭᠡ ᠳᠥᠷᠪᠡᠨ ᠤᠷᠤᠯᠳᠤᠭᠠᠨ ᠤ ᠲᠥᠷᠥᠯ ᠵᠦᠢᠯ ᠢ ᠲᠣᠬᠢᠷᠠᠭᠤᠯᠵᠤ᠂ | ᠬᠤᠰᠢᠭᠤᠨ ᠤᠯᠤᠰ ᠲᠥᠷᠥ ᠶᠢᠨ ᠵᠥᠪᠯᠡᠯᠭᠡᠨ᠂ ᠬᠤᠰᠢᠭᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ | ᠬᠤᠰᠢᠭᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠵᠢᠴᠢ ᠱᠠᠨ | ᠱᠦᠶ ᠼᠧᠮᠧᠨ᠋ᠲ ᠤᠨ ᠬᠢᠵᠠᠭᠠᠷᠲᠤ ᠺᠣᠮᠫᠠᠨᠢ᠂ ᠴᠢᠪᠠᠭ᠎ᠠ ᠠᠷᠢᠬᠢᠨ ᠤ ᠦᠢᠯᠡᠰ ᠵᠡᠷᠭᠡ ᠠᠵᠤ ᠠᠬᠤᠶᠢᠯᠠᠯ ᠤᠨ 20 | ᠲᠥᠯᠥᠭᠡᠯᠡᠭᠴᠢᠳ ᠤᠨ ᠠᠩᠭᠢ ᠶᠢᠨ ᠨᠡᠶᠢᠲᠡ 300 ᠭᠠᠷᠤᠶ ᠬᠥᠮᠦᠨ ᠤᠷᠤᠯᠳᠤᠭᠠᠨ ᠳᠤ ᠣᠷᠣᠯᠴᠠᠵᠠᠶ᠃ | | | | ᠡᠬᠢᠯᠡᠯᠲᠡ ᠶᠢᠨ ᠶᠣᠰᠣᠯᠠᠯ ᠳᠡᠭᠡᠷ᠎ᠡ᠂ ᠲᠠᠮᠢᠷᠴᠢᠨ ᠤ ᠲᠥᠯᠥᠭᠡᠯᠡᠭᠴᠢ᠂ ᠬᠢᠨᠠᠭᠴᠢ ᠶᠢᠨ ᠲᠥᠯᠥᠭᠡᠯᠡᠭᠴᠢ | ᠤᠷᠤᠯᠳᠤᠭᠠᠨ ᠠᠴᠠ ᠡᠮᠦᠨ᠎ᠡ ᠲᠠᠩᠭᠠᠷᠢᠭᠯᠠᠪᠠ᠃ | | | | ᠪᠡᠶ᠎ᠡ ᠶᠢᠨ ᠲᠠᠮᠢᠷ ᠤᠨ ᠴᠤᠭᠯᠠᠭᠠᠨ ᠳᠤ᠂ ᠰᠠᠭᠰᠤᠨ ᠪᠥᠮᠪᠦᠭᠡ ᠶᠢᠨ ᠤᠷᠤᠯᠳᠤᠭᠠᠨ᠂ ᠠᠯᠠᠭᠠᠳᠠᠬᠤ | ᠪᠥᠮᠪᠦᠭᠡ ᠶᠢᠨ ᠤᠷᠤᠯᠳᠤᠭᠠᠨ᠂ ᠫᠢᠩᠫᠠᠩ ᠪᠥᠮᠪᠦᠭᠡ ᠶᠢᠨ ᠤᠷᠤᠯᠳᠤᠭᠠᠨ᠂ ᠳᠡᠭᠡᠰᠦ ᠲᠠᠲᠠᠬᠤ ᠤᠷᠤᠯᠳᠤᠭᠠᠨ ᠵᠡᠷᠭᠡ | ᠡᠯ᠎ᠡ ᠵᠦᠢᠯ ᠤᠨ ᠤᠷᠤᠯᠳᠤᠭᠠᠨ ᠨᠢ ᠠᠮᠵᠢᠯᠲᠠ ᠲᠠᠢ ᠰᠠᠶᠢᠬᠠᠨ ᠶᠠᠪᠤᠭᠳᠠᠵᠤ᠂ ᠲᠠᠮᠢᠷᠴᠢᠳ ᠤᠨ ᠪᠦᠯᠬᠦᠮᠳᠡᠯ | ᠬᠠᠮᠵᠢᠯᠴᠠᠭ᠎ᠠ ᠲᠠᠢ ᠠᠮᠢᠳᠤᠯᠢᠭ ᠵᠢᠷᠤᠭ ᠳᠦᠷᠰᠦ ᠶᠢ ᠭᠦᠢᠴᠡᠣᠨ ᠬᠠᠷᠠᠭᠤᠯᠵᠠᠶ᠃ | | | | ᠬᠤᠶᠠᠷ ᠡᠳᠦᠷ ᠤᠨ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠳᠥᠷᠪᠡᠨ ᠳᠦᠷᠥᠯ ᠤᠨ | ᠤᠷᠤᠯᠳᠤᠭᠠᠨ ᠤ ᠲᠡᠷᠢᠭᠦᠨ ᠳᠡᠳ᠋ ᠳᠡᠰ ᠲᠣᠳᠣᠷᠠᠵᠤ᠂ ᠭᠤᠤᠯᠯᠠᠨ ᠡᠷᠬᠢᠯᠡᠭᠰᠡᠨ ᠲᠠᠯ᠎ᠠ ᠠᠴᠠ ᠱᠠᠩᠨᠠᠯ ᠣᠯᠤᠭᠰᠠᠨ | ᠡᠩᠨᠡᠭᠡ ᠳᠤ ᠱᠠᠩᠨᠠᠯ ᠤᠨ ᠬᠤᠨᠳᠠᠭ᠎ᠠ ᠪᠠ ᠦᠨᠡᠮᠯᠡᠯ ᠣᠯᠭᠤᠵᠤ᠂ ᠲᠡᠳᠡᠨ ᠤ ᠮᠡᠷᠠᠶᠢᠨ ᠲᠡᠮᠡᠴᠡᠬᠦ ᠵᠣᠷᠢᠭ ᠰᠠᠨᠠᠭ᠎ᠠ ᠪᠠ | ᠠᠮᠤᠷ ᠲᠦᠪᠰᠢᠨ ᠤ ᠬᠡᠪ ᠪᠣᠯᠪᠠᠰᠤᠷᠠᠯ ᠤᠨ ᠢᠯᠡᠷᠡᠯ ᠢ ᠬᠥᠬᠢᠭᠦᠯᠦᠨ ᠰᠠᠶᠢᠰᠢᠶᠠᠪᠠ᠃ ᠡᠨᠡᠬᠦ ᠤᠳᠠᠭᠠᠨ ᠤ ᠪᠡᠶ᠎ᠡ ᠶᠢᠨ | ᠲᠠᠮᠢᠷ ᠤᠨ ᠴᠤᠭᠯᠠᠭᠠᠨ ᠨᠢ ᠠᠵᠢᠯᠲᠠᠨ ᠠᠵᠢᠯᠴᠢᠨ ᠳᠤ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ᠂ | ᠰᠣᠯᠢᠯᠴᠠᠭ᠎ᠠ ᠪᠠᠨ ᠨᠡᠮᠡᠭᠳᠡᠭᠦᠯᠬᠦ ᠲᠠᠪᠴᠠᠩ ᠬᠠᠩᠭᠠᠭᠰᠠᠨ ᠲᠡᠳᠦᠶ ᠦᠭᠡᠢ᠂ ᠨᠠᠩ ᠴᠤ ᠪᠠᠶᠠᠷ ᠴᠡᠩᠭᠡᠯ ᠤᠨ ᠳᠤᠮᠳᠠ | ᠬᠥᠮᠦᠵᠢᠭᠦᠯᠬᠦ ᠦᠢᠯᠡᠳᠦᠯ ᠢ ᠪᠠᠳᠠᠷᠠᠭᠤᠯᠬᠤ ᠪᠠᠷ ᠳᠠᠮᠵᠢᠨ ᠠᠶᠤᠯᠭᠦᠶ ᠦᠢᠯᠡᠣᠡᠪᠣᠷᠢᠯᠡᠯ ᠤᠨ ᠮᠡᠳᠡᠯᠭᠡ ᠶᠢ ᠬᠥᠮᠦᠰ ᠤᠨ | ᠰᠡᠳᠬᠢᠯ ᠳᠤ ᠭᠦᠨ ᠬᠠᠳᠠᠩᠰᠢᠭᠤᠯᠵᠤ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠬᠦ᠂ ᠬᠥᠮᠦᠨ ᠪᠦᠬᠦᠨ | ᠪᠠᠴᠢᠮ ᠪᠠᠶᠢᠳᠠᠯ ᠢ ᠠᠷᠭᠠᠴᠠᠭᠠᠬᠤ︾ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠭᠰᠠᠨ ᠪᠠᠶᠢᠨ᠎ᠠ᠃ | ︵ᠤᠷᠭᠤᠮᠠᠯ᠂ ᠯᠢᠦ ᠰᠢᠨ ᠲᠢᠩ︶ |