9 ᠴᠠᠭ ᠠᠴᠠ ᠡᠬᠢᠯᠡᠵᠦ ᠡᠷᠡᠮᠡᠯᠵᠡᠯ ᠲᠠᠭᠯᠠᠨ᠎ᠠ︕
ᠨᠡᠶᠢᠲᠡᠯᠡᠭᠰᠡᠨ ᠴᠠᠭ᠄
2025/6/30
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ 29 ᠤ ᠡᠳᠦᠷ ᠰᠦᠯᠵᠢᠶᠡᠨ ᠳᠡᠭᠡᠷ᠎ᠡ ᠵᠢᠩᠬᠢᠨᠢ ᠠᠩᠭᠢ ᠶᠢᠨ ᠤᠷᠢᠳᠴᠢᠯᠠᠭᠰᠠᠨ ᠪᠦᠯᠦᠭ ︵A ᠬᠡᠰᠡᠭ᠂ B ᠬᠡᠰᠡᠭ᠂ C ᠬᠡᠰᠡᠭ ᠪᠠᠭᠲᠠᠨ᠎ᠠ︶᠂ ᠵᠢᠩᠬᠢᠨᠢ ᠠᠩᠭᠢ ᠶᠢᠨ ᠪᠦᠯᠦᠭ ᠵᠢᠴᠢ ᠡᠩ ᠤᠨ ᠲᠥᠷᠥᠯ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ ᠤᠷᠢᠳᠴᠢᠯᠠᠭᠰᠠᠨ ᠪᠦᠯᠦᠭ ᠤᠨ ᠡᠷᠡᠮᠡᠯᠵᠡᠯ ᠲᠠᠭᠯᠠᠬᠤ ᠬᠤᠯᠪᠣᠭᠳᠠᠯ ᠪᠦᠬᠦᠢ ᠵᠦᠢᠯᠡᠰ ᠤᠨ ᠠᠯᠪᠠᠨ ᠵᠠᠷ ᠢ ᠨᠡᠶᠢᠲᠡᠯᠡᠪᠡ᠃ ᠨᠡᠶᠢᠲᠡᠯᠡᠭᠰᠡᠨ ᠵᠠᠷ ᠢ ᠦᠨᠳᠦᠰᠦᠯᠡᠪᠡᠯ 6 ᠳ᠋ᠤᠭᠠᠷ ᠰᠠᠷ᠎ᠠ ᠶᠢᠨ 30 ᠤ ᠡᠳᠦᠷ ᠤᠨ 9 ᠴᠠᠭ ᠠᠴᠠ ᠡᠬᠢᠯᠡᠨ ᠡᠷᠡᠮᠡᠯᠵᠡᠯ ᠲᠠᠭᠯᠠᠨ᠎ᠠ᠃ ᠲᠠᠭᠯᠠᠬᠤ ᠴᠠᠭ ᠨᠢ ᠡᠳᠦᠷ ᠪᠦᠷᠢ ᠶᠢᠨ 9 ᠴᠠᠭ ︱ 22 ᠴᠠᠭ ᠪᠣᠯᠣᠨ᠎ᠠ᠃ 7 ᠳ᠋ᠤᠭᠠᠷ ᠰᠠᠷ᠎ᠠ ᠶᠢᠨ 4 ᠤ ᠡᠳᠦᠷ ᠤᠨ 17᠄ 00 ᠴᠠᠭ ᠲᠤ ᠡᠷᠡᠮᠡᠯᠵᠡᠯ ᠲᠠᠭᠯᠠᠵᠤ ᠳᠠᠭᠤᠰᠤᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号