6 ᠰᠠᠷ᠎ᠠ ᠶᠢᠨ 3 ᠤ ᠡᠳᠦᠷ᠂ ᠠᠷᠤ ᠬᠤᠷᠴᠢᠨ ᠬᠤᠰᠢᠭᠤ ᠲᠥᠪ ᠤᠨ ᠨᠠᠢᠮᠡᠨ ᠵᠤᠷᠪᠤᠰ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ | ᠬᠤᠷᠠᠯ ᠬᠤᠷᠠᠯᠳᠤᠵᠤ᠂ ᠬᠤᠰᠢᠭᠤᠨ ᠨᠠᠮ ᠤᠨ ᠬᠤᠷᠢᠶᠠᠨ ᠤ ᠱᠦᠵᠢ ᠸᠧᠶ ᠪᠢᠯᠢᠭ ᠬᠤᠷᠠᠯ ᠢ ᠡᠷᠬᠢᠯᠡᠭᠰᠡᠨ ᠪᠥᠭᠡᠳ | ᠰᠠᠬᠢᠯᠭ᠎ᠠ ᠪᠠᠲᠤ ᠣᠪᠣᠷ ᠰᠤᠷᠲᠠᠯ ᠤᠨ ᠨᠠᠮ ᠤᠨ ᠬᠢᠴᠢᠶᠡᠯ ᠣᠷᠣᠪᠠ᠃ ᠬᠤᠰᠢᠭᠤᠨ ᠳᠥᠷᠪᠡᠨ ᠶᠡᠭᠡ ᠤᠳᠤᠷᠢᠳᠬᠤ | ᠪᠠᠭ ᠤᠨ ᠬᠤᠰᠢᠭᠤᠨ ᠳᠤ ᠪᠠᠨ ᠪᠠᠶᠢᠭ᠎ᠠ ᠤᠳᠤᠷᠢᠳᠤᠯᠭ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ | ᠳᠠᠷᠤᠭ᠎ᠠ᠂ ᠤᠯᠠᠭᠠᠨᠬᠠᠳᠠ ᠶᠢᠨ ᠤᠮᠠᠷᠠᠲᠤ ᠶᠢᠨ ᠦᠨᠳᠦᠰᠦᠲᠡᠨ ᠤ ᠮᠡᠷᠭᠡᠵᠢᠯ ᠤᠨ ᠠᠵᠢᠯᠴᠢᠨ ᠤ ᠰᠤᠷᠭᠠᠭᠤᠯᠢ ᠶᠢᠨ | ᠵᠠᠬᠢᠷᠤᠯ᠂ ᠭᠤᠭᠤᠰᠣᠲᠠᠶ ᠬᠠᠨ ᠠᠭᠤᠯᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ | ᠲᠣᠪᠴᠢᠶ᠎ᠠ ᠶᠢᠨ ᠳᠠᠷᠤᠭ᠎ᠠ ᠬᠤᠷᠠᠯ ᠳᠤ ᠣᠷᠣᠯᠴᠠᠪᠠ᠃ ᠬᠤᠰᠢᠭᠤᠨ ᠨᠠᠮ ᠤᠨ ᠬᠤᠷᠢᠶᠠᠨ ᠤ ᠪᠠᠶᠢᠩᠭᠤ | ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ | ᠡᠷᠬᠢᠯᠡᠭᠴᠢ ᠸᠧᠶ ᠰᠢᠨ ᠢᠦᠶ ᠲᠥᠪ ᠤᠨ ᠨᠠᠢᠮᠡᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ | ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠪᠡ᠃ | ᠸᠧᠶ ᠪᠢᠯᠢᠭ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠳᠠᠬᠢᠨ ᠡᠷᠭᠢᠴᠡᠭᠦᠯᠵᠦ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠠ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠲᠥᠪ ᠤᠨ ᠨᠠᠢᠮᠡᠨ ᠵᠤᠷᠪᠤᠰ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠲᠡᠷᠡ ᠪᠠᠷ᠂ ᠨᠠᠮ ᠤᠨ ᠠᠷᠪᠠᠨ ᠨᠠᠢᠮᠡᠳᠣᠭᠠᠷ ᠶᠡᠭᠡ ᠬᠤᠷᠠᠯ ᠠᠴᠠ | ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠳᠡᠭᠡᠷ᠎ᠡ ᠠᠴᠠ ᠳᠣᠷᠣᠭᠰᠢ᠂ | ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ᠂ ︽ᠬᠠᠳᠠᠭᠠᠰᠤ ᠬᠠᠳᠠᠬᠤ︾ ᠵᠣᠷᠢᠭ | ᠰᠠᠨᠠᠭ᠎ᠠ ᠪᠠᠷ ︽ ᠳᠥᠷᠪᠡᠨ ᠰᠤᠷᠲᠠᠯ︾ ᠢ ᠵᠠᠯᠠᠷᠠᠭᠤᠯᠤᠨ ᠵᠠᠰᠠᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠴᠤ᠋ | ᠰᠢᠨ᠎ᠡ ᠪᠠᠶᠢᠳᠠᠯ ᠲᠠᠢ ᠪᠣᠯᠵᠤ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠦᠷᠭᠦᠯᠵᠢᠯᠡᠨ ᠰᠠᠶᠢᠵᠢᠷᠠᠬᠤ ᠶᠢ | ᠠᠬᠢᠭᠤᠯᠪᠠ᠃ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠶᠢᠨ ᠲᠣᠭᠤᠷᠢᠨ ᠳᠤ ᠨᠡᠶᠢᠲᠡᠯᠡᠭᠰᠡᠨ ᠠᠯᠢ ᠣᠯᠠᠨ ᠴᠢᠬᠤᠯᠠ ᠥᠭᠦᠯᠡᠯᠲᠡ ᠨᠢ ᠠᠯᠤᠰ ᠬᠡᠲᠦ ᠶᠢᠨ | ᠰᠠᠨᠠᠭ᠎ᠠ ᠵᠣᠷᠢᠯᠲᠠ ᠲᠠᠢ᠂ ᠳᠣᠲᠣᠭᠠᠳᠤ ᠠᠭᠤᠯᠬᠤᠨ ᠡᠯᠪᠡᠭ᠂ ᠦᠵᠡᠯ ᠰᠠᠨᠠᠭ᠎ᠠ ᠭᠦᠨᠵᠡᠭᠡᠶ ᠪᠠᠶᠢᠵᠤ᠂ ᠪᠢᠳᠡ | ᠰᠤᠷᠤᠯᠴᠠᠨ ᠣᠶᠢᠯᠠᠭᠠᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠬᠤ | ᠬᠡᠷᠡᠭᠲᠡᠶ ᠭᠡᠪᠡ᠃ | ᠸᠧᠶ ᠪᠢᠯᠢᠭ ᠴᠢᠬᠤᠯᠠᠴᠢᠯᠠᠬᠤ ᠳᠠᠭᠠᠨ᠂ ᠪᠦᠬᠦ ᠬᠤᠰᠢᠭᠤᠨ ᠤ ᠡᠯ᠎ᠡ ᠱᠠᠳᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ | ᠡᠭᠦᠷᠭᠡᠯᠡᠨ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠶᠢ ᠵᠡᠷᠭᠡ ᠪᠠᠷ ᠠᠳᠬᠤᠬᠤ᠂ ᠰᠤᠷᠲᠠᠯ ᠢ | ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠬᠠᠷᠢᠯᠴᠠᠨ ᠤᠶᠠᠯᠳᠤᠭᠤᠯᠬᠤ ᠶᠢ | ᠪᠠᠷᠢᠮᠲᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠨ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ᠬᠡᠷᠡᠭ ᠢᠶᠠᠷ ᠲᠣᠯᠢ ᠪᠣᠯᠭᠠᠬᠤ ᠶᠢ ᠪᠠᠷᠢᠮᠲᠠᠯᠠᠵᠤ ᠨᠡᠶᠢᠲᠡᠯᠢᠭ | ᠬᠡᠷᠡᠭ ᠤᠨ ᠵᠢᠱᠢᠶ᠎ᠡ ᠳᠠᠬᠢ ᠬᠦᠰᠡᠯᠡᠩ ᠢᠲᠡᠭᠡᠯ ᠵᠣᠷᠢᠭ ᠳᠤᠲᠠᠮᠠᠭ᠂ ᠰᠠᠬᠢᠯᠭ᠎ᠠ ᠪᠠᠲᠤ ᠶᠢᠨ ᠤᠬᠠᠮᠰᠠᠷ ᠳᠤᠤᠷ᠎ᠠ᠂ | ᠪᠠᠭ᠎ᠠ ᠵᠢᠵᠢᠭ ᠶᠠᠪᠤᠳᠠᠯ ᠳᠡᠭᠡᠷ᠎ᠡ ᠣᠰᠣᠯ ᠪᠤᠷᠤᠭᠤ ᠭᠠᠷᠭᠠᠬᠤ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠬᠦ | ᠵᠡᠷᠭᠡ ᠠᠴᠠ ᠭᠦᠨᠵᠡᠭᠡᠶ ᠰᠤᠷᠭᠠᠮᠵᠢ ᠠᠪᠴᠤ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠵᠤ᠂ ᠪᠡᠶ᠎ᠡ ᠪᠠᠨ ᠴᠢᠩᠭ᠎ᠠ | ᠱᠠᠭᠠᠷᠳᠡᠨ᠂ ᠥᠪᠡᠷ ᠢ ᠪᠠᠨ ᠰᠡᠷᠡᠮᠵᠢᠯᠡᠭᠦᠯᠵᠦ ᠥᠪᠡᠷ ᠢ ᠪᠠᠨ ᠲᠤᠩᠭᠠᠬᠤ ᠳᠤᠮᠳᠠ ᠢᠯᠵᠠᠷᠡᠯ ᠢ ᠡᠰᠡᠷᠭᠦᠴᠡᠵᠦ | ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ᠂ | ᠵᠠᠩᠭᠢᠯᠠᠭ᠎ᠠ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ | ᠲᠥᠷᠥ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠤᠨ᠂ ︽ᠰᠤᠷᠤᠯᠴᠠᠨ ᠪᠠᠶᠢᠴᠠᠭᠠᠵᠤ | ᠰᠠᠶᠢᠵᠢᠷᠠᠭᠤᠯᠬᠤ︾ ᠵᠡᠷᠭᠡ ᠰᠤᠷᠤᠯᠴᠠᠯᠭ᠎ᠠ ᠬᠥᠮᠦᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠴᠢᠩᠭ᠎ᠠ | ᠠᠳᠬᠤᠵᠤ᠂ ᠰᠤᠷᠲᠠᠯ ᠢᠯᠵᠠᠷᠠᠯ ᠢ ᠵᠡᠷᠭᠡ ᠪᠠᠷ ᠪᠠᠶᠢᠴᠠᠭᠠᠵᠤ ᠵᠡᠷᠭᠡ ᠪᠠᠷ ᠵᠠᠰᠠᠬᠤ ᠶᠢ ᠭᠦᠨᠵᠡᠭᠡᠶᠢᠷᠡᠭᠦᠯᠦᠨ᠂ | ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠨ ᠢᠯᠵᠠᠷᠠᠯ ᠢ ᠡᠰᠡᠷᠭᠦᠴᠡᠬᠦ ᠰᠦᠷ ᠬᠦᠴᠦᠲᠦ ᠪᠠᠶᠢᠳᠠᠯ ᠢ | ᠢᠮᠠᠭᠲᠠ ᠪᠠᠲᠤᠯᠠᠵᠤ᠂ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠴᠢᠨᠠᠭᠰᠢᠳᠠ | ᠨᠢᠭᠲᠠᠷᠠᠭᠤᠯᠵᠤ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠪᠦᠬᠦ ᠬᠤᠰᠢᠭᠤᠨ ᠤ ᠡᠯ᠎ᠡ | ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠶ ᠭᠡᠪᠡ᠃ | ᠬᠤᠷᠠᠯ ᠳᠤ ᠣᠷᠣᠯᠴᠠᠭᠰᠠᠳ ᠬᠠᠮᠲᠤᠪᠠᠷ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠦᠵᠡᠪᠡ᠃ ︵ᠯᠢ | ᠬᠤᠸᠠᠨ ᠢᠦᠶ︶ |