ᠲᠦᠷᠦᠭᠦᠬᠡᠨ᠂ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ 4 ᠰᠠᠷ᠎ᠠ ᠶᠢᠨ ᠰᠡᠭᠦᠯᠴᠢ ᠪᠤᠯᠲᠠᠯ᠎ᠠ᠂ ᠪᠦᠭᠦ ᠣᠷᠣᠨ ᠤ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠳᠤ ᠣᠷᠣᠯᠴᠠᠬᠰᠠᠨ ᠬᠥᠮᠥᠨ ᠤ ᠲᠤᠭ᠎ᠠ 2156.7 ᠲᠦᠮᠡ ᠳᠤ ᠬᠦᠷᠴᠦ᠂ ᠨᠢᠳᠤᠨᠤᠨ ᠤ | ᠠᠳᠠᠯᠢ ᠬᠤᠭᠤᠴᠠᠭᠠᠨ ᠤ ᠬᠢ ᠠᠴᠠ 13.76 ᠲᠦᠮᠡᠨ ᠬᠥᠮᠥᠨ ᠨᠡᠮᠡᠭᠳᠡᠵᠡᠢ᠃ | ᠲᠠᠨᠢᠯᠴᠠᠭᠤᠯᠤᠭᠰᠠᠨ ᠢᠶᠠᠷ᠂ ᠮᠠᠨ ᠤ ᠣᠷᠣᠨ ︽ᠳᠠᠭᠠᠳᠬᠠᠯ ᠳᠤ ᠣᠷᠣᠬᠤ ᠳᠤ ᠬᠦᠴᠢᠷᠲᠡᠢ︾ ᠠᠰᠠᠭᠤᠳᠠᠯ ᠢ | ᠰᠢᠢᠳᠪᠦᠷᠢᠯᠡᠬᠦ ᠶᠢᠨ ᠲᠥᠯᠥᠭᠡ᠂ ︽ᠳᠡᠭᠡᠷ᠎ᠡ ᠳᠣᠣᠷ᠎ᠠ ᠱᠠᠲᠤ ᠬᠠᠮᠵᠢᠯᠴᠠᠵᠤ᠂ ᠲᠠᠪᠤᠨ ᠱᠠᠲᠤ ᠬᠤᠯᠪᠤᠭᠠᠯᠠᠨ | ᠬᠥᠳᠡᠯᠦᠯᠴᠡᠬᠦ︾ ᠪᠠᠷ ᠭᠠᠷᠳᠠᠴᠠ ᠪᠤᠯᠭᠠᠵᠤ᠂ ᠡᠮ ᠡᠮᠨᠡᠯᠭᠡ ᠶᠢᠨ ᠳᠠᠭᠠᠳᠬᠠᠯ ᠤᠨ ᠠᠵᠢᠯᠲᠠᠨ ᠳᠠᠭᠠᠳᠬᠠᠯ ᠳᠤ | ᠣᠷᠤᠯᠴᠠᠬᠤ ᠶᠠᠪᠤᠴᠠ ᠶᠢ ᠵᠢᠯᠤᠭᠤᠳᠴᠤ᠂ ᠲᠤᠬᠠᠢ ᠶᠢᠨ ᠲᠠᠯᠠᠪᠠᠶ ᠳᠤ ᠰᠦᠢᠳᠬᠡᠯ ᠲᠤᠰᠢᠶᠠᠬᠤ ᠶᠠᠪᠤᠴᠠ ᠶᠢ | ᠰᠠᠶᠢᠲᠤᠷ ᠣᠶᠢᠯᠠᠭᠠᠬᠤ ᠦᠭᠡᠢ᠂ ᠰᠦᠢᠳᠬᠡᠯ ᠲᠤᠰᠢᠶᠠᠬᠤ ᠭᠠᠷᠳᠠᠮ ᠢ ᠬᠡᠷᠬᠢᠨ ᠭᠦᠢᠴᠡᠳᠬᠡᠬᠦ ᠶᠢ ᠮᠡᠳᠡᠬᠦ ᠦᠭᠡᠢ | ᠬᠥᠮᠥᠰ ᠲᠤ ᠬᠠᠪᠰᠤᠷᠤᠯᠭ᠎ᠠ ᠦᠵᠡᠭᠦᠯᠵᠦ᠂ ᠨᠠᠰᠤᠲᠠᠶᠢᠴᠤᠳ ᠵᠡᠮᠳᠡᠭᠴᠦᠳ ᠵᠡᠷᠭᠡ ᠣᠨᠴᠠᠭᠠᠶ ᠬᠥᠮᠥᠰ ᠲᠤ | ᠴᠢᠭᠯᠡᠭᠦᠯᠦᠨ᠂ ᠴᠠᠭ ᠲᠤᠬᠠᠢ ᠳᠤᠨᠢ ᠴᠠᠬᠢᠮ ᠴᠢᠮᠡᠭᠡ ᠶᠠᠪᠤᠭᠤᠯᠵᠤ ᠰᠦᠢᠳᠬᠡᠯ ᠲᠤᠰᠢᠶᠠᠬᠤ ᠶᠢ ᠰᠠᠨᠠᠭᠤᠯᠬᠤ ᠶᠢᠨ | ᠬᠠᠮᠲᠤ᠂ ᠳᠠᠭᠠᠳᠬᠠᠯ ᠳᠤ ᠣᠷᠣᠯᠴᠠᠬᠰᠠᠨ ︽ᠬᠠᠮᠢᠶᠠᠷᠤᠭᠴᠢ︾ ᠪᠣᠯᠵᠤ᠂ ᠲᠤᠬᠠᠢ ᠶᠢᠨ ᠲᠠᠯᠠᠪᠠᠢ ᠳᠤ ᠣᠷᠣᠯᠠᠨ | ᠲᠤᠰᠢᠶᠠᠬᠤ ᠪᠤᠶᠤ ᠮᠠᠲᠠᠭ ᠲᠠᠢ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠭᠠᠳᠠᠭᠰᠢ ᠭᠠᠷᠤᠭᠰᠠᠨ ᠪᠤᠶᠤ | ᠭᠠᠳᠠᠭᠰᠢ ᠬᠥᠯᠥᠰᠦᠨ ᠠᠵᠢᠯ ᠬᠢᠵᠦ ᠪᠠᠶᠢᠭ᠎ᠠ ᠬᠥᠮᠥᠰ ᠲᠤ ᠴᠠᠭ ᠲᠤᠬᠠᠢ ᠳᠤᠨᠢ ᠰᠠᠨᠠᠭᠤᠯᠵᠤ᠂ ᠰᠦᠯᠵᠢᠶ᠎ᠡ ᠪᠠᠷ | ᠳᠠᠮᠵᠢᠨ ᠣᠯᠠᠨ ᠲᠦᠮᠡᠨ ᠢ ᠢᠳᠡᠪᠬᠢᠲᠡᠢ ᠪᠠᠷ ᠳᠠᠭᠠᠳᠬᠠᠯ ᠳᠤ ᠣᠷᠣᠯᠴᠠᠭᠤᠯᠵᠠᠢ᠃ | ᠡᠭᠦᠨ ᠤ ᠬᠠᠮᠲᠤ᠂ ᠮᠠᠨ ᠤ ᠣᠷᠣᠨ ᠪᠠᠰᠠ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠪᠠᠷ | ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶ ᠤᠨ ᠵᠠᠷᠤᠳᠠᠯ ᠢ | ᠣᠷᠣᠯᠠᠨ ᠲᠤᠰᠢᠶᠠᠬᠤ ᠬᠤᠯᠪᠣᠭᠳᠠᠯ ᠪᠦᠬᠦᠢ ᠵᠦᠢᠯᠡᠰ ᠢ ᠲᠣᠳᠣᠷᠬᠠᠶᠢᠯᠠᠵᠤ᠂ ᠲᠣᠰᠬᠤᠨ ᠤ ᠬᠠᠮᠲᠤ ᠶᠢᠨ ᠠᠵᠤ | ᠠᠬᠤᠢ ᠪᠠᠷ ᠲᠣᠰᠬᠤᠨ ᠤ ᠠᠷᠠᠳ ᠲᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ | ᠣᠷᠣᠯᠠᠨ ᠲᠤᠰᠢᠶᠠᠬᠤ ᠶᠢ ᠵᠣᠷᠢᠭᠵᠢᠭᠤᠯᠵᠤ᠂ ᠨᠠᠰᠤᠲᠠᠶᠢᠴᠤᠳ᠂ ᠵᠡᠮᠳᠡᠭᠴᠦᠳ ᠲᠤ ᠬᠠᠪᠰᠤᠷᠤᠨ ᠭᠦᠢᠴᠡᠳᠬᠡᠬᠦ | ᠣᠷᠣᠯᠠᠨ ᠭᠦᠢᠴᠡᠳᠬᠡᠬᠦ ᠦᠢᠯᠡᠴᠢᠯᠡᠭᠡ ᠨᠠᠪᠲᠠᠷᠡᠭᠦᠯᠵᠦ᠂ ︽ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢᠳ ᠤᠨ | ᠳᠠᠭᠠᠳᠬᠠᠯ ᠳᠤ ᠣᠷᠤᠯᠴᠠᠬᠤ ᠠᠵᠢᠯᠯᠠᠭ᠎ᠠ︾ ᠶᠢ ᠥᠷᠨᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ 54.4 ᠲᠦᠮᠡᠨ | ᠰᠤᠷᠤᠬᠴᠢᠳ ᠳᠠᠭᠠᠳᠬᠠᠯ ᠳᠤ ᠣᠷᠣᠯᠴᠠᠵᠤ᠂ 129.6 ᠲᠦᠮᠡᠨ ᠣᠨᠴᠠ ᠬᠦᠴᠢᠷᠳᠡᠯᠲᠡᠢ ᠬᠥᠮᠥᠰ᠂ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠵᠡᠷᠭᠡ ᠣᠷᠣᠯᠭ᠎ᠠ ᠪᠠᠭᠠᠲᠠᠢ ᠬᠥᠮᠥᠰ ᠲᠤ | ︽ᠭᠤᠶᠤᠴᠢᠯᠠᠮᠠᠭᠴᠠ ᠭᠦᠷᠳᠡᠭᠦ︾ ᠡᠮᠴᠢᠯᠡᠭᠡᠨ ᠤ ᠠᠪᠤᠷᠠᠨ ᠲᠤᠰᠠᠯᠠᠬᠤ ᠪᠡᠯᠡ ᠮᠥᠩᠭᠦ ᠶᠢᠨ ᠳᠠᠭᠠᠳᠬᠠᠯ ᠳᠤ | ᠣᠷᠤᠯᠴᠠᠬᠤ ᠦᠢᠯᠡᠴᠢᠯᠡᠭᠡ ᠬᠦᠷᠲᠡᠭᠡᠪᠡ᠃ | | |