| ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 4 ᠤ ᠴᠠᠭᠢᠯᠭᠠᠨ ᠮᠡᠳᠡᠭᠡ 6 ᠰᠠᠷ᠎ᠠ ᠶᠢᠨ 4 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠯᠢ ᠽᠠᠢ ᠮᠢᠩ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠺᠤᠷᠢᠶᠠ ᠶᠢᠨ | ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠺᠤᠷᠢᠶᠠ ᠪᠣᠯ ᠴᠢᠬᠤᠯᠠ ᠬᠥᠷᠰᠢ ᠤᠯᠤᠰ ᠪᠥᠭᠡᠳ ᠬᠠᠮᠲᠤᠷᠠᠯᠴᠠᠭᠠᠨ ᠤ ᠬᠠᠨᠢᠲᠠᠨ | ᠮᠥᠨ᠃ ᠬᠠᠷᠢᠯᠴᠠᠭ᠎ᠠ ᠪᠠᠶᠢᠭᠤᠯᠤᠭᠰᠠᠨ 33 ᠵᠢᠯ ᠤᠨ ᠲᠤᠷᠰᠢ᠂ ᠬᠤᠶᠠᠷ ᠲᠠᠯ᠎ᠠ ᠪᠠᠷ ᠢᠶᠠᠨ ᠦᠵᠡᠯ ᠤᠬᠠᠮᠰᠠᠷ ᠤᠨ ᠭᠡᠯᠪᠡᠷᠢ | ᠪᠣᠯᠣᠨ ᠨᠡᠶᠢᠭᠡᠮ ᠤᠨ ᠪᠠᠶᠢᠭᠤᠯᠤᠯ ᠤᠨ ᠵᠥᠷᠢᠶ᠎ᠡ ᠶᠢ ᠳᠠᠪᠠᠵᠤ᠂ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠬᠠᠷᠢᠯᠴᠠᠨ | ᠠᠮᠵᠢᠯᠲᠠ ᠪᠦᠲᠦᠮᠵᠢ ᠣᠯᠭᠤᠬᠤ ᠶᠢ ᠠᠬᠢᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠲᠣᠭᠲᠠᠭᠤᠨ ᠡᠷᠡᠭᠦᠯ | ᠬᠥᠭᠵᠢᠯᠲᠡ ᠶᠢ ᠪᠡᠶᠡᠯᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠦᠭᠰᠡᠨ ᠢᠶᠠᠷ ᠪᠠᠷᠠᠬᠤ | ᠦᠭᠡᠢ᠂ ᠪᠠᠰᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ ᠢ ᠠᠬᠢᠭᠤᠯᠬᠤ ᠳᠤ | ᠢᠳᠡᠪᠬᠢᠲᠡᠢ ᠬᠤᠪᠢ ᠨᠡᠮᠡᠷᠢ ᠦᠵᠡᠭᠦᠯᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠪᠢ ᠳᠤᠮᠳᠠᠳᠤ ᠺᠤᠷᠢᠶᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠠᠶᠢᠨ᠎ᠠ᠃ ᠣᠳᠣᠬᠠᠨ ᠳᠤ᠂ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ | ᠲᠦᠷᠭᠡᠰᠦᠨ ᠤᠯᠠᠷᠢᠵᠤ᠂ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠳᠠᠬᠢ ᠲᠣᠬᠲᠠᠭᠠᠯᠲᠦ ᠪᠤᠰᠤ ᠡᠯᠧᠮᠧᠨ᠋ᠲ ᠨᠡᠮᠡᠭᠳᠡᠵᠦ | ᠪᠠᠶᠢᠨ᠎ᠠ᠃ ᠪᠦᠭᠦ ᠪᠥᠮᠪᠥᠷᠴᠡᠭ ᠪᠠ ᠭᠠᠵᠠᠷ ᠣᠷᠣᠨ ᠤ ᠴᠢᠬᠤᠯᠠ ᠤᠯᠤᠰ ᠪᠣᠯᠤᠭᠰᠠᠨ ᠤ ᠬᠤᠪᠢ ᠳᠤ᠂ ᠳᠤᠮᠳᠠᠳᠤ ᠤᠯᠤᠰ | ᠳᠤᠷᠠᠲᠠᠶ᠎ᠠ ᠺᠤᠷᠢᠶᠠ ᠶᠢᠨ ᠬᠢᠨ ᠲᠠᠢ ᠬᠠᠮᠲᠤ ᠪᠠᠷ᠂ ᠬᠠᠷᠢᠯᠴᠠᠭ᠎ᠠ ᠪᠠᠶᠢᠭᠤᠯᠤᠭᠰᠠᠨ ᠤᠭ ᠰᠠᠨᠠᠭ᠎ᠠ ᠪᠠᠨ ᠪᠠᠲᠤ ᠰᠠᠬᠢᠵᠤ᠂ | ᠡᠶᠡᠯᠳᠡᠭ ᠬᠥᠷᠰᠢ ᠶᠢᠨ ᠨᠥᠭᠦᠷᠰᠡᠭ ᠴᠢᠭᠯᠡᠯ ᠢ ᠪᠠᠲᠤᠳᠬᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ | ᠬᠠᠷᠠᠯᠲᠠ ᠶᠢ ᠪᠠᠷᠢᠮᠲᠠᠯᠠᠵᠤ᠂ ᠳᠤᠮᠳᠠᠳᠤ ᠺᠤᠷᠢᠶᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ | ᠬᠠᠷᠢᠯᠴᠠᠭ᠎ᠠ ᠶᠢᠨ ᠲᠠᠰᠤᠷᠠᠯᠳᠠ ᠦᠭᠡᠢ ᠤᠷᠤᠭᠰᠢ ᠬᠥᠭᠵᠢᠬᠦ ᠶᠢ ᠬᠠᠮᠲᠤ ᠪᠠᠷ ᠠᠬᠢᠭᠤᠯᠵᠤ᠂ ᠬᠤᠶᠠᠷ ᠤᠯᠤᠰ ᠤᠨ ᠠᠷᠠᠳ | ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠨ᠎ᠡ ᠭᠡᠵᠦ ᠴᠢᠬᠤᠯᠠᠴᠢᠯᠠᠪᠠ᠃ | | |