ᠣᠶᠢᠷ᠎ᠠ ᠶᠢᠨ ᠡᠳᠦᠷ᠂ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ | ᠨᠢᠭᠡᠳᠦᠯᠲᠡᠶ ᠰᠢᠯᠭᠠᠯᠲᠠ ᠤᠳᠠᠯ ᠦᠭᠡᠢ ᠶᠠᠪᠤᠭᠳᠠᠬᠤ ᠲᠠᠰᠢᠷᠠᠮ ᠢᠶᠠᠷ᠂ ᠠᠷᠤ ᠬᠤᠷᠴᠢᠨ ᠬᠤᠰᠢᠭᠤᠨ ᠤ ᠦᠢᠯᠡᠣᠡᠪᠣᠷᠢ | ᠬᠤᠳᠠᠯᠳᠤᠭᠠᠨ ᠤ ᠬᠤᠯᠪᠣᠭ᠎ᠠ ᠶᠢᠨ ᠭᠡᠰᠢᠭᠦᠨ ᠠᠵᠤ ᠠᠬᠤᠶᠢᠯᠠᠯ ᠪᠣᠯᠬᠤ 10 ᠠᠵᠤ ᠠᠬᠤᠶᠢᠯᠠᠯ ᠠᠴᠠ ᠥᠩᠭᠡ | ᠭᠡᠷᠡᠯᠲᠦ ᠠᠵᠢᠯ ᠦᠢᠯᠡᠰ ᠢᠶᠠᠷ ᠵᠢᠯᠣᠭᠤᠳᠤᠮᠵᠢ ᠪᠣᠯᠭᠠᠨ᠂ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠶ | ᠦᠢᠯᠡᠳᠣᠯᠭᠡᠵᠢᠭᠦᠯᠵᠤ᠂ ᠰᠡᠳᠬᠢᠯ ᠢ ᠳᠤᠯᠠᠭᠠᠴᠠᠭᠤᠯᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠪᠡ᠃ | | | | ᠠᠵᠢᠯᠯᠠᠭ᠎ᠠ ᠳᠤ᠂ ᠠᠷᠤ ᠬᠤᠷᠴᠢᠨ ᠬᠤᠰᠢᠭᠤᠨ ᠤ ᠦᠢᠯᠡᠣᠡᠪᠣᠷᠢ ᠬᠤᠳᠠᠯᠳᠤᠭᠠᠨ ᠤ ᠬᠤᠯᠪᠣᠭ᠎ᠠ ᠶᠢᠨ | ᠭᠡᠰᠢᠭᠦᠨ ᠠᠵᠤ ᠠᠬᠤᠶᠢᠯᠠᠯ ᠤᠳ ᠠᠴᠠ ᠴᠢᠪᠠᠭ᠎ᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠴᠢᠪᠠᠭ᠎ᠠ ᠶᠢᠨ | ᠬᠤᠶᠠᠳᠤᠭᠠᠷ ᠳᠤᠮᠳᠠᠳᠤ ᠰᠤᠷᠭᠠᠭᠤᠯᠢ ᠳᠤ ᠲᠤᠰ ᠪᠦᠷᠢ 1 ᠲᠦᠮᠡᠨ ᠲᠥᠭᠦᠷᠢᠭ ᠬᠠᠨᠳᠢᠪᠯᠠᠵᠤ᠂ ᠡᠩ ᠤᠨ ᠶᠡᠭᠡ | ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠳᠤ ᠣᠷᠣᠯᠴᠠᠬᠤ ᠪᠠᠷ | ᠪᠡᠯᠡᠳᠬᠡᠵᠦ ᠪᠠᠶᠢᠭ᠎ᠠ ᠰᠤᠷᠤᠭᠴᠢᠳ ᠲᠤ ᠬᠠᠶᠢᠷ᠎ᠠ ᠬᠠᠯᠠᠮᠵᠢ ᠬᠦᠷᠲᠡᠭᠡᠪᠡ᠃ ᠲᠤᠰ ᠬᠠᠨᠳᠢᠪ ᠤᠨ ᠮᠥᠩᠭᠦ ᠶᠢ | ᠰᠢᠯᠭᠠᠯᠲᠠ ᠳᠤ ᠣᠷᠣᠯᠴᠠᠬᠤ ᠰᠤᠷᠤᠭᠴᠢᠳ ᠤᠨ ᠬᠤᠭᠤᠯᠠ ᠤᠮᠳᠠ ᠶᠢᠨ ᠬᠠᠩᠭᠠᠯᠲᠠ ᠳᠤ ᠲᠤᠰᠬᠠᠶ ᠵᠣᠷᠢᠭᠤᠯᠤᠨ | ᠬᠡᠷᠡᠭᠯᠡᠵᠦ ᠲᠡᠳᠡᠨᠠᠷ ᠤᠨ ᠰᠢᠯᠭᠠᠯᠲᠠ ᠳᠤ ᠣᠷᠣᠯᠴᠠᠬᠤ ᠪᠡᠯᠡᠳᠬᠡᠯ ᠱᠠᠲᠤᠨ ᠳᠤ ᠡᠷᠴᠢ ᠬᠦᠴᠦ ᠪᠠᠳᠠᠷᠠᠩᠭᠤᠶ ᠪᠠᠶᠢᠵᠤ᠂ | ᠪᠡᠶ᠎ᠡ ᠰᠡᠳᠬᠢᠯ ᠤᠨ ᠲᠡᠭᠦᠯᠳᠡᠷ ᠰᠠᠶᠢᠨ ᠪᠠᠶᠢᠳᠠᠯ ᠢᠶᠠᠷ ᠬᠥᠮᠦᠨ ᠤ ᠨᠢᠭᠡ ᠨᠠᠰᠤᠨ ᠤ ᠠᠮᠢᠳᠤᠷᠠᠯ ᠤᠨ ᠳᠤᠮᠳᠠᠬᠢ | ᠴᠢᠬᠤᠯᠠ ᠨᠢᠭᠡᠨ ᠥᠷᠢᠰᠥᠯᠳᠦᠭᠡᠨ ᠢ ᠤᠭᠲᠤᠬᠤ ᠳᠤ ᠵᠣᠷᠢᠭᠵᠢᠭᠤᠯᠤᠯ ᠪᠣᠯᠭᠠᠪᠠ᠃ | | | | ᠲᠤᠰ ᠤᠳᠠᠭᠠᠨ ᠤ ᠬᠠᠨᠳᠢᠪ ᠤᠨ ᠠᠵᠢᠯᠯᠠᠭ᠎ᠠ ᠨᠢ ᠨᠡᠶᠢᠭᠡᠮ ᠠᠴᠠ ᠰᠤᠷᠭᠠᠨ ᠬᠥᠮᠦᠵᠢᠯ ᠤᠨ ᠦᠢᠯᠡᠰ ᠢ | ᠴᠢᠬᠤᠯᠠᠴᠢᠯᠠᠨ ᠦᠵᠡᠵᠦ ᠪᠠᠶᠢᠬᠤ ᠪᠠ ᠬᠠᠯᠠᠮᠵᠢᠯᠠᠨ ᠠᠩᠬᠠᠷᠴᠤ ᠪᠠᠶᠢᠬᠤ ᠶᠢ ᠬᠠᠷᠠᠭᠤᠯᠤᠭᠰᠠᠨ ᠢᠶᠠᠷ ᠪᠠᠷᠠᠬᠤ ᠥᠬᠡᠶ᠂ | ᠡᠨᠡ ᠬᠦ ᠬᠠᠶᠢᠷ᠎ᠠ ᠬᠠᠯᠠᠮᠵᠢ ᠪᠠ ᠵᠣᠷᠢᠭᠵᠢᠭᠤᠯᠤᠯ ᠨᠢ ᠰᠤᠷᠤᠭᠴᠢᠳ ᠲᠤ ᠡᠷᠡᠯᠬᠡᠭᠯᠡᠨ ᠤᠷᠤᠭᠰᠢᠯᠠᠬᠤ ᠬᠥᠳᠡᠯᠭᠡᠭᠴᠢ | ᠬᠦᠴᠦᠨ ᠪᠣᠯᠬᠤ ᠶᠢᠨ ᠬᠠᠮᠲᠤ ᠲᠡᠳᠡᠨᠡᠷ ᠤᠨ ᠯᠠᠪᠳᠠᠭᠤᠨ ᠲᠣᠭᠲᠠᠭᠤᠨ ᠢᠶᠠᠷ ᠰᠢᠯᠭᠠᠯᠲᠠ ᠳᠤ ᠣᠷᠣᠯᠴᠠᠨ᠂ ᠣᠶᠤᠨ | ᠴᠢᠳᠠᠪᠤᠷᠢ ᠪᠠᠨ ᠭᠦᠢᠴᠡᠣᠨ ᠪᠠᠳᠠᠷᠠᠭᠤᠯᠬᠤ ᠳᠤ ᠬᠦᠴᠦᠨ ᠨᠡᠮᠡᠷᠢᠯᠡᠵᠡᠶ᠃ ︵ᠵᠤᠤ ᠶᠠ ᠨᠠᠨ᠂ ᠰᠠᠷᠠᠡᠬᠤᠸᠠᠷ︶ |