| ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 5 ᠤ ᠴᠠᠭᠢᠯᠭᠠᠨ ᠮᠡᠳᠡᠭᠡ 6 ᠰᠠᠷ᠎ᠠ ᠶᠢᠨ 5 ᠤ ᠣᠷᠣᠢ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠵᠤᠭ᠎ᠠ ᠶᠣᠰᠣᠭᠠᠷ ᠠᠮᠧᠷᠢᠺᠠ ᠶᠢᠨ ᠶᠡᠷᠦᠩᠬᠡᠶᠢᠯᠡᠭᠴᠢ ᠲᠧᠷᠠᠮᠫᠦ᠋ ᠲᠠᠢ | ᠤᠲᠠᠰᠤ ᠪᠠᠷ ᠶᠠᠷᠢᠯᠴᠠᠪᠠ᠃ | ᠰᠢ ᠶᠢᠨ ᠫᠢᠩ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠲᠣᠮᠣ ᠣᠩᠭᠤᠴᠠ ᠶᠢᠨ ᠠᠶᠠᠯᠠᠯ ᠤᠨ ᠴᠢᠭᠯᠡᠯ ᠢ | ᠵᠠᠯᠠᠷᠠᠭᠤᠯᠬᠤ ᠳᠤ᠂ ᠪᠢᠳᠠ ᠵᠠᠯᠠᠭᠤᠷ ᠢᠶᠠᠨ ᠰᠠᠶᠢᠲᠤᠷ ᠡᠵᠡᠮᠳᠡᠵᠦ᠂ ᠴᠢᠭᠯᠡᠯ ᠢᠶᠠᠨ ᠰᠠᠶᠢᠲᠤᠷ ᠲᠣᠭᠲᠠᠭᠠᠬᠤ ᠴᠢᠬᠤᠯᠠᠲᠠᠢ᠂ | ᠢᠯᠠᠩᠭᠤᠶ᠎ᠠ ᠡᠯ᠎ᠡ ᠵᠦᠢᠯ ᠤᠨ ᠬᠠᠷᠰᠢᠯᠠᠯ ᠴᠢᠨᠠᠭᠰᠢᠯᠠᠪᠠᠯ ᠡᠪᠳᠡᠯᠡᠭᠡ ᠶᠢ ᠠᠷᠢᠯᠭᠠᠬᠤ ᠴᠢᠬᠤᠯᠠᠲᠠᠢ᠂ ᠡᠨᠡ ᠨᠢ ᠲᠤᠶᠢᠯ ᠤᠨ | ᠴᠢᠬᠤᠯᠠ ᠶᠤᠮ᠃ ᠠᠮᠧᠷᠢᠺᠠ ᠶᠢᠨ ᠬᠢᠨ ᠤ ᠳᠤᠷᠠᠳᠤᠯᠭ᠎ᠠ ᠪᠠᠷ᠂ ᠬᠤᠶᠠᠷ ᠤᠯᠤᠰ ᠤᠨ ᠠᠵᠤ ᠠᠬᠤᠢ ᠠᠷᠠᠯᠵᠢᠶᠠᠨ ᠤ | ᠳᠠᠭᠠᠭᠤᠯᠤᠭᠴᠢ ᠵᠧᠨ᠋ᠸᠧᠠ ᠳᠤ ᠬᠡᠯᠡᠯᠴᠡᠭᠡ ᠬᠢᠵᠦ᠂ ᠶᠠᠷᠢᠯᠴᠠᠭ᠎ᠠ ᠵᠥᠪᠳᠡᠯᠴᠡᠭᠡ ᠪᠠᠷ ᠲᠠᠮᠵᠢᠨ ᠠᠵᠤ ᠠᠬᠤᠢ ᠠᠷᠠᠯᠵᠢᠶᠠᠨ ᠤ | ᠠᠰᠠᠭᠤᠳᠠᠯ ᠢ ᠰᠢᠢᠳᠪᠦᠷᠢᠯᠡᠬᠦ ᠴᠢᠬᠤᠯᠠ ᠨᠢᠭᠡ ᠠᠯᠬᠤᠮ ᠢ ᠠᠯᠬᠤᠵᠤ᠂ ᠬᠤᠶᠠᠷ ᠤᠯᠤᠰ ᠤᠨ ᠡᠯ᠎ᠡ ᠡᠲᠡᠭᠡᠳ ᠪᠣᠯᠣᠨ | ᠳᠡᠯᠡᠬᠡᠢ ᠨᠡᠶᠢᠭᠡᠮ ᠤᠨ ᠨᠡᠶᠢᠳᠡᠮ ᠤᠨ ᠬᠦᠷᠢᠶᠡᠯᠡᠯ ᠢ ᠣᠯᠣᠭᠰᠠᠨ ᠪᠥᠭᠡᠳ ᠶᠠᠷᠢᠯᠴᠠᠭ᠎ᠠ ᠪᠣᠯᠣᠨ ᠬᠠᠮᠲᠤᠷᠠᠯᠴᠠᠭ᠎ᠠ ᠪᠣᠯ | ᠴᠣᠷᠢ ᠶᠢᠨ ᠭᠠᠭᠴᠠ ᠵᠥᠪ ᠰᠣᠩᠭᠤᠯᠲᠠ ᠪᠤᠯᠬᠤ ᠶᠢ ᠭᠡᠷᠡᠴᠢᠯᠡᠪᠡ᠃ ᠬᠤᠶᠠᠷ ᠲᠠᠯ᠎ᠠ ᠪᠠᠷ ᠢᠶᠠᠨ ᠨᠢᠭᠡᠨᠲᠡ ᠪᠠᠶᠢᠭᠤᠯᠤᠭᠰᠠᠨ | ᠠᠵᠤ ᠠᠬᠤᠢ ᠠᠷᠠᠯᠵᠢᠶᠠᠨ ᠤ ᠵᠥᠪᠳᠡᠯᠴᠡᠭᠡᠨ ᠤ ᠲᠣᠭᠲᠠᠴᠠ ᠶᠢ ᠰᠠᠶᠢᠲᠤᠷ ᠠᠰᠢᠭᠯᠠᠵᠤ᠂ ᠡᠷᠬᠡ ᠲᠡᠭᠰᠢ ᠣᠪᠣᠷ ᠢ | ᠪᠠᠷᠢᠮᠲᠠᠯᠠᠵᠤ᠂ ᠲᠤᠰ ᠲᠤᠰ ᠤᠨ ᠠᠩᠬᠠᠷᠴᠤ ᠪᠠᠶᠢᠭ᠎ᠠ ᠠᠰᠠᠭᠤᠳᠠᠯ ᠢᠶᠠᠨ ᠭᠦᠨᠳᠦᠳᠭᠡᠵᠦ᠂ ᠬᠤᠶᠠᠷ ᠲᠠᠯ᠎ᠠ ᠪᠠᠷ ᠢᠶᠠᠨ ᠠᠰᠢᠭ | ᠭᠦᠷᠳᠡᠭᠦ ᠦᠷ᠎ᠡ ᠳ᠋ᠦᠩ ᠢ ᠣᠯᠬᠤ ᠪᠠᠷ ᠴᠢᠷᠮᠠᠶᠢᠶ᠎ᠠ᠃ ᠡᠭᠦᠨ ᠳᠤ ᠳᠤᠮᠳᠠᠳᠤ ᠤᠯᠤᠰ ᠦᠨᠡᠨᠴᠢ ᠰᠡᠳᠬᠢᠯ ᠲᠠᠢ ᠪᠥᠭᠡᠳ | ᠵᠠᠷᠴᠢᠮ ᠲᠠᠢ ᠶᠤᠮ᠃ ᠳᠤᠮᠳᠠᠳᠤᠴᠤᠳ ᠶᠡᠷᠦ ᠠᠴᠠ ᠬᠡᠯᠡᠭᠰᠡᠨ ᠳᠡᠭᠡᠨ ᠰᠠᠭᠤᠵᠤ᠂ ᠬᠢᠭᠰᠡᠨ ᠳᠡᠭᠡᠨ ᠵᠠᠪᠠᠯ ᠭᠦᠷᠳᠡᠭ᠂ | ᠬᠠᠮᠲᠤ ᠶᠢᠨ ᠲᠠᠨᠢᠯᠲᠠ ᠲᠠᠢ ᠪᠣᠯᠤᠭᠰᠠᠨ ᠶᠤᠮ ᠴᠢᠨᠢ ᠬᠤᠶᠠᠷ ᠲᠠᠯ᠎ᠠ ᠪᠠᠷ ᠢᠶᠠᠨ ᠴᠥᠮ ᠵᠢᠷᠤᠮᠯᠠᠪᠠᠯ ᠵᠣᠬᠢᠨ᠎ᠠ᠃ ᠵᠧᠨ᠋ᠸᠧᠠ ᠶᠢᠨ | ᠬᠡᠯᠡᠯᠴᠡᠭᠡ ᠶᠢᠨ ᠲᠠᠷᠠᠭ᠎ᠠ᠂ ᠳᠤᠮᠳᠠᠳᠤ ᠤᠯᠤᠰ ᠵᠥᠪᠯᠡᠯᠴᠡᠭᠡᠷ ᠢ ᠲᠥᠪ ᠴᠢᠩᠭ᠎ᠠ ᠨᠠᠷᠢᠨ ᠬᠢᠨᠠᠮᠠᠭᠠᠢ ᠬᠡᠷᠡᠭᠵᠢᠭᠦᠯᠪᠡ᠃ | ᠠᠮᠧᠷᠢᠺᠠ ᠶᠢᠨ ᠬᠢᠨ ᠦᠨᠡᠨ ᠠᠴᠠ ᠵᠥᠪ ᠢ ᠡᠷᠢᠵᠦ ᠣᠯᠣᠭᠰᠠᠨ ᠠᠬᠢᠴᠠ ᠳᠤ ᠬᠠᠨᠳᠤᠵᠤ᠂ ᠳᠤᠮᠳᠠᠳᠤ ᠤᠯᠤᠰ ᠲᠤ | ᠠᠪᠤᠭᠰᠠᠨ ᠨᠠᠵᠠᠭᠠᠢ ᠠᠷᠭ᠎ᠠ ᠬᠡᠮᠵᠢᠶ᠎ᠡ ᠪᠠᠨ ᠬᠦᠴᠦᠨ ᠦᠭᠡᠢ ᠪᠣᠯᠭᠠᠪᠠᠯ ᠵᠣᠬᠢᠨ᠎ᠠ᠃ ᠬᠤᠶᠠᠷ ᠲᠠᠯ᠎ᠠ ᠪᠠᠷ ᠢᠶᠠᠨ ᠭᠠᠳᠠᠭᠠᠳᠤ | ᠬᠠᠷᠢᠯᠴᠠᠭ᠎ᠠ᠂ ᠠᠵᠤ ᠠᠬᠤᠢ ᠠᠷᠠᠯᠵᠢᠶ᠎ᠠ᠂ ᠴᠡᠷᠢᠭ ᠠᠩᠭᠢ᠂ ᠬᠠᠤᠯᠢ ᠬᠡᠷᠡᠭᠵᠢᠭᠦᠯᠬᠦ ᠵᠡᠷᠭᠡ ᠡᠯ᠎ᠡ ᠬᠦᠷᠢᠶᠡᠨ ᠤ | ᠰᠣᠯᠢᠯᠴᠠᠭ᠎ᠠ ᠪᠠᠨ ᠨᠡᠮᠡᠭᠳᠡᠭᠦᠯᠵᠦ᠂ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠵᠦ᠂ ᠠᠳᠡᠭᠦᠷᠡᠯ ᠢᠶᠠᠨ ᠪᠠᠭᠠᠰᠬᠠᠵᠤ᠂ | ᠬᠠᠮᠲᠤᠷᠠᠯᠴᠠᠭ᠎ᠠ ᠪᠠᠨ ᠴᠢᠩᠭᠠᠳᠬᠠᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠮᠧᠷᠢᠺᠠ ᠶᠢᠨ ᠬᠢᠨ ᠲᠠᠶᠢᠸᠠᠨ ᠤ ᠠᠰᠠᠭᠤᠳᠠᠯ ᠢ ᠪᠣᠯᠭᠤᠮᠵᠢᠲᠠᠢ ᠰᠢᠢᠳᠪᠦᠷᠢᠯᠡᠵᠦ᠂ ᠲᠤᠶᠢᠯ ᠤᠨ | ᠴᠥᠭᠡᠨ ᠲᠣᠭᠠᠨ ᠤ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠡᠲᠡᠭᠡᠳ ᠨᠢ ᠳᠤᠮᠳᠠᠳᠤ ᠠᠮᠧᠷᠢᠺᠠ | ᠬᠤᠶᠠᠷ ᠤᠯᠤᠰ ᠢ ᠮᠥᠷᠭᠦᠯᠳᠦᠭᠡᠨ ᠡᠰᠡᠷᠭᠦᠴᠡᠯᠳᠦᠯ ᠤᠨ ᠠᠶᠤᠯᠲᠤ ᠪᠠᠶᠢᠳᠠᠯ ᠳᠤ ᠴᠢᠷᠴᠦ ᠣᠷᠣᠭᠤᠯᠬᠤ ᠠᠴᠠ ᠵᠠᠶᠢᠯᠠᠰᠬᠢᠪᠡᠯ | ᠵᠣᠬᠢᠨ᠎ᠠ ᠭᠡᠵᠦ ᠴᠢᠬᠤᠯᠠᠴᠢᠯᠠᠪᠠ᠃ | ᠲᠧᠷᠠᠮᠫᠦ᠋᠂ ᠲᠡᠷᠢᠭᠦᠯᠡᠭᠴᠢ ᠰᠢ ᠶᠢᠨ ᠫᠢᠩ ᠢ ᠮᠠᠰᠢ ᠭᠦᠨᠳᠦᠳᠭᠡᠵᠤ ᠪᠠᠶᠢᠨ᠎ᠠ᠂ ᠠᠮᠧᠷᠢᠺᠠ ᠳᠤᠮᠳᠠᠳᠤ ᠶᠢᠨ | ᠬᠠᠷᠢᠯᠴᠠᠭ᠎ᠠ ᠲᠤᠶᠢᠯ ᠤᠨ ᠴᠢᠬᠤᠯᠠ ᠶᠤᠮ᠃ ᠠᠮᠧᠷᠢᠺᠠ ᠶᠢᠨ ᠬᠢᠨ ᠳᠤᠮᠳᠠᠳᠤ ᠤᠯᠤᠰ ᠤᠨ ᠠᠵᠤ ᠠᠬᠤᠢ ᠬᠦᠴᠦᠲᠡᠢ | ᠨᠡᠮᠡᠭᠳᠡᠯ ᠢᠶᠠᠨ ᠪᠠᠲᠤᠯᠠᠬᠤ ᠶᠢ ᠣᠯᠵᠤ ᠬᠠᠷᠠᠬᠤ ᠳᠤᠷᠠᠲᠠᠢ᠃ ᠠᠮᠧᠷᠢᠺᠠ ᠳᠤᠮᠳᠠᠳᠤ ᠬᠠᠮᠲᠤᠷᠠᠯᠴᠠᠨ ᠮᠠᠰᠢ ᠤᠯᠠᠨ ᠰᠠᠶᠢᠨ | ᠶᠠᠪᠤᠳᠠᠯ ᠢ ᠪᠦᠲᠦᠭᠡᠵᠦ ᠪᠣᠯᠣᠨ᠎ᠠ᠃ ᠠᠮᠧᠷᠢᠺᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠥᠷᠥ ᠶᠢᠨ ᠪᠣᠳᠣᠯᠭ᠎ᠠ ᠶᠢ | ᠦᠷᠭᠦᠯᠵᠢᠯᠡᠨ ᠬᠡᠷᠡᠭᠵᠢᠭᠦᠯᠦᠨ᠎ᠡ᠃ ᠬᠤᠶᠠᠷ ᠤᠯᠤᠰ ᠤᠨ ᠵᠧᠨ᠋ᠸᠧᠠ ᠶᠢᠨ ᠠᠵᠤ ᠠᠬᠤᠢ ᠠᠷᠠᠯᠵᠢᠶᠠᠨ ᠤ ᠬᠡᠯᠡᠯᠴᠡᠭᠡ ᠮᠠᠰᠢ | ᠠᠮᠵᠢᠯᠲᠠᠲᠠᠢ ᠶᠠᠪᠤᠭᠳᠠᠵᠤ᠂ ᠰᠠᠶᠢᠨ ᠵᠥᠪᠯᠡᠯᠴᠡᠭᠡᠷ ᠲᠣᠭᠲᠠᠪᠠ᠃ ᠠᠮᠧᠷᠢᠺᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ | ᠬᠠᠮᠲᠤ ᠪᠠᠷ ᠴᠢᠷᠮᠠᠶᠢᠵᠤ ᠵᠥᠪᠯᠡᠯᠴᠡᠭᠡᠷ ᠢ ᠨᠠᠶᠢᠳᠠᠪᠤᠷᠢᠵᠢᠭᠤᠯᠤᠨ᠎ᠠ᠃ ᠠᠮᠧᠷᠢᠺᠠ ᠶᠢᠨ ᠬᠢᠨ ᠳᠤᠮᠳᠠᠳᠤ ᠤᠯᠤᠰ ᠤᠨ | ᠰᠤᠷᠤᠬᠴᠢᠳ ᠠᠮᠧᠷᠢᠺᠠ ᠳᠤ ᠢᠷᠡᠵᠦ ᠰᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠢᠯᠡᠳᠬᠡᠪᠡ᠃ | ᠰᠢ ᠶᠢᠨ ᠫᠢᠩ ᠲᠧᠷᠠᠮᠫᠦ᠋ ᠶᠢᠨ ᠳᠤᠮᠳᠠᠳᠤ ᠤᠯᠤᠰ ᠲᠤ ᠳᠠᠬᠢᠨᠲᠠ ᠠᠶᠢᠯᠴᠢᠯᠠᠬᠤ ᠶᠢ ᠪᠠᠶᠠᠷᠯᠠᠨ ᠤᠭᠲᠤᠪᠠ᠂ ᠲᠧᠷᠠᠮᠫᠦ᠋ | ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠶᠢᠨ | ᠪᠦᠯᠭᠦᠮ ᠤᠨ ᠬᠢᠨ ᠵᠧᠨ᠋ᠸᠧᠠ ᠶᠢᠨ ᠬᠠᠮᠲᠤ ᠶᠢᠨ ᠲᠠᠨᠢᠯᠲᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠠᠯᠢ | ᠲᠦᠷᠭᠡᠨ ᠢᠶᠠᠷ ᠰᠢᠨ᠎ᠡ ᠨᠢᠭᠡ ᠡᠭᠡᠯᠵᠢ ᠶᠢᠨ ᠬᠡᠯᠡᠯᠴᠡᠭᠡ ᠬᠢᠬᠦ ᠶᠢ ᠵᠥᠪᠰᠢᠶᠡᠷᠡᠪᠡ᠃ | | |