6 ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠱᠧᠩ ᠼᠠᠢ ᠠᠷᠤ ᠬᠤᠷᠴᠢᠨ ᠬᠤᠰᠢᠭᠤᠨ ᠤ ᠰᠢᠨ ᠮᠢᠨ | ᠰᠢᠶᠠᠩ᠂ ᠪᠠᠶᠠᠨᠬᠤᠸᠠ ᠪᠠᠯᠭᠠᠰᠤ᠂ ᠬᠠᠨᠰᠦ᠋ᠮ᠎ᠡ ᠰᠤᠮᠤ ᠳᠤ ᠬᠦᠷᠴᠦ ᠬᠤᠯᠪᠣᠭᠠᠯᠠᠨ ᠳᠠᠭᠠᠭᠠᠴᠢᠯᠠᠯᠲᠠ ᠶᠢᠨ ᠣᠷᠣᠨ ᠤ | ᠠᠵᠤ ᠠᠬᠤᠶ ᠶᠢᠨ ᠠᠵᠢᠯᠯᠠᠭᠠᠨ᠂ ᠠᠶᠤᠯᠭᠦᠶ ᠦᠢᠯᠡᠣᠡᠪᠣᠷᠢᠯᠡᠯ᠂ ᠵᠠᠬᠢᠳᠠᠯ ᠰᠤᠷᠪᠤᠯᠵᠢᠯᠠᠯ ᠪᠠ ᠲᠣᠭᠲᠠᠭᠤᠨ | ᠪᠠᠶᠢᠳᠡᠯ ᠢ ᠬᠠᠮᠠᠭᠠᠯᠠᠬᠤ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠡᠮᠦᠨᠡᠬᠢ | ᠬᠤᠭᠤᠴᠠᠭᠠᠨ ᠤ ᠪᠡᠯᠡᠳᠬᠡᠯ᠂ ᠣᠢ ᠰᠢᠭᠤᠶ ᠡᠪᠡᠰᠦ ᠪᠡᠯᠴᠢᠭᠡᠷ ᠢ ᠡᠪᠳᠡᠭᠰᠡᠨ ᠦᠢᠯᠡ ᠠᠵᠢᠯᠯᠠᠭ᠎ᠠ ᠶᠢ | ᠲᠥᠪᠯᠡᠷᠡᠭᠦᠯᠦᠨ ᠴᠡᠭᠴᠡᠯᠡᠨ ᠵᠠᠰᠠᠬᠤ᠂ ᠲᠥᠪ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠭᠠᠷᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠡᠷᠭᠡ ᠭᠤᠤᠯᠳᠠᠯᠭ᠎ᠠ ᠲᠠᠢ ᠡᠭᠦᠷᠭᠡ ᠶᠢ | ᠨᠠᠶᠢᠳᠠᠪᠣᠷᠢᠵᠢᠭᠤᠯᠣᠡᠡᠰᠡᠨ ᠪᠠᠶᠢᠳᠡᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ | | | | ᠸᠠᠩ ᠱᠧᠩ ᠼᠠᠢ ᠢᠯᠡᠷᠬᠡᠶᠢᠯᠡᠬᠦ ᠳᠡᠭᠡᠨ᠂ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠡᠭᠦᠷᠭᠡ ᠶᠢᠨ | ᠶᠣᠰᠣᠭᠠᠷ᠂ ᠨᠢᠭᠡᠳᠦᠯᠲᠡᠶ ᠲᠥᠯᠥᠪᠯᠡᠨ ᠬᠥᠭᠵᠢᠭᠦᠯᠬᠦ ᠪᠠ ᠠᠮᠤᠷ ᠲᠦᠪᠰᠢᠨ ᠤ ᠱᠠᠭᠠᠷᠳᠠᠯᠭ᠎ᠠ ᠶᠢ | ᠨᠠᠶᠢᠳᠡᠪᠣᠷᠢᠵᠢᠭᠤᠯᠵᠤ᠂ ᠭᠤᠤᠯ ᠭᠦᠢᠴᠡᠣᠡᠭᠡᠯ ᠲᠤᠭ᠎ᠠ ᠶᠢᠨ ᠲᠣᠬᠢᠷᠠᠭᠤᠯᠤᠯᠲᠠ ᠶᠢ ᠠᠳᠬᠤᠨ᠂ ᠴᠢᠬᠤᠯᠠ ᠶᠡᠭᠡ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠳᠬᠤᠨ ᠠᠶᠤᠯᠭᠦᠶ ᠦᠢᠯᠡᠣᠡᠪᠣᠷᠢᠯᠡᠯ ᠤᠨ ᠬᠠᠮᠢᠶᠠᠷᠤᠯᠲᠠ ᠶᠢ | ᠠᠳᠬᠤᠨ᠂ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠬᠤ ᠶᠢ ᠠᠳᠬᠤᠵᠤ᠂ ᠠᠵᠤ ᠠᠬᠤᠶ ᠶᠢᠨ ᠶᠠᠰᠤ ᠴᠢᠨᠠᠷ ᠢ | ᠪᠦᠲᠦᠮᠵᠢᠲᠡᠶ ᠪᠠᠷ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠶ ᠵᠣᠬᠢᠰᠲᠠᠶ ᠨᠡᠮᠡᠭᠳᠡᠭᠦᠯᠬᠦ ᠶᠢ ᠠᠬᠢᠭᠤᠯᠤᠨ᠂ ᠵᠢᠯ | ᠬᠠᠭᠠᠰᠯᠠᠬᠤ ᠪᠠᠷ ᠬᠤᠤᠰ ᠬᠠᠷᠠᠯᠲᠠ ᠡᠭᠦᠷᠭᠡ ᠶᠢ ᠬᠠᠭᠠᠰ ᠠᠴᠠ ᠳᠠᠪᠠᠭ᠋ᠤ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ | ᠬᠡᠷᠡᠭᠲᠡᠶ᠃ ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠵᠤ᠂ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠵᠦ᠂ ᠳᠠᠬᠢᠨ | ᠳᠠᠪᠲᠠᠬᠤ ᠶᠢ ᠰᠡᠷᠭᠡᠶᠢᠯᠡᠵᠦ᠂ ᠤᠬᠠᠭᠤᠯᠤᠨ ᠳᠠᠶᠢᠴᠢᠯᠠᠬᠤ ᠶᠢ ᠴᠢᠩᠭᠠᠳᠬᠠᠵᠤ᠂ ᠠᠰᠠᠭᠤᠳᠠᠯ ᠢ ᠴᠠᠭ ᠲᠤᠬᠠᠶ ᠳᠤᠨᠢ | ᠢᠯᠡᠷᠡᠭᠦᠯᠵᠦ᠂ ᠬᠠᠤᠯᠢ ᠶᠣᠰᠣᠭᠠᠷ ᠡᠷᠡᠰ ᠴᠣᠬᠢᠯᠲᠠ ᠥᠭᠴᠦ᠂ ᠣᠢ ᠰᠢᠭᠤᠶ ᠡᠪᠡᠰᠦ ᠪᠡᠯᠴᠢᠭᠡᠷ ᠢ ᠰᠦᠢᠣᠡᠭᠡᠬᠦ ᠶᠢ | ᠬᠤᠷᠢᠭᠯᠠᠨ ᠵᠣᠭᠰᠣᠭᠠᠬᠤ ᠶᠡᠷᠦᠩᠬᠡᠶ ᠲᠠᠶᠢᠯᠠᠯᠳᠣᠭᠠᠨ ᠢ ᠰᠠᠶᠢᠳᠣᠷ ᠬᠢᠬᠦ ᠬᠡᠷᠡᠭᠲᠡᠶ᠃ ᠤᠯᠤᠰ ᠲᠥᠷᠥ ᠶᠢ ᠡᠷᠬᠢᠮᠯᠡᠬᠦ | ᠥᠨᠳᠤᠷᠴᠡ ᠠᠴᠠ ᠲᠥᠪ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠡᠨ | ᠪᠠᠶᠢᠴᠠᠭᠠᠯᠲᠠ ᠶᠢᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠯ ᠤᠨ ᠢᠯᠡᠴᠢᠯᠡᠨ | ᠮᠡᠳᠡᠭᠦᠯᠦᠭᠰᠡᠨ ᠬᠡᠷᠡᠭ ᠵᠡᠷᠭᠡ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠯ ᠤᠨ | ᠠᠰᠠᠭᠤᠳᠠᠯ ᠢ ᠰᠢᠢᠳᠪᠦᠷᠢᠯᠡᠭᠰᠡᠨ ᠪᠣᠳᠠᠲᠤ ᠦᠷ᠎ᠡ ᠪᠦᠲᠦᠮᠵᠢ ᠪᠠᠷ ᠠᠷᠠᠳ ᠤᠨ ᠢᠲᠡᠭᠡᠯ ᠢ ᠣᠯᠬᠤ ᠬᠡᠷᠡᠭᠲᠡᠶ᠃ | ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠪᠡᠯᠡᠳᠬᠡᠯ ᠠᠵᠢᠯ ᠢ ᠬᠢᠨᠠᠮᠠᠭᠠᠶ ᠰᠠᠶᠢᠲᠤᠷ | ᠬᠢᠵᠦ᠂ ᠠᠵᠢᠯ ᠤᠨ ᠬᠠᠷᠢᠭᠤᠴᠠᠯᠭ᠎ᠠ ᠶᠢ ᠪᠣᠳᠠᠳᠠᠶᠢᠵᠢᠭᠤᠯᠣᠨ᠂ ᠤᠷᠢᠳᠴᠢᠯᠠᠨ ᠲᠥᠯᠥᠪᠵᠢᠭᠦᠯᠦᠨ ᠪᠠᠶᠢᠷᠢᠯᠠᠭᠤᠯᠵᠤ᠂ | ᠴᠢᠳᠠᠪᠤᠷᠢᠲᠠᠨ ᠤ ᠨᠥᠭᠡᠴᠡ ᠶᠢ ᠴᠢᠩᠭᠠᠳᠬᠠᠨ᠂ ᠵᠢᠱᠢᠭᠳᠡᠭᠴᠢ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ | ᠠᠳᠬᠤᠵᠤ᠂ ᠤᠯᠤᠰ ᠲᠥᠷᠥ ᠶᠢᠨ ᠬᠡᠪ ᠴᠢᠨᠠᠷ ᠴᠢᠩᠭ᠎ᠠ᠂ ᠠᠵᠢᠯ ᠤᠨ ᠴᠢᠳᠠᠪᠤᠷᠢ ᠲᠣᠪᠣᠶᠢᠮ᠎ᠡ ᠨᠠᠮ ᠤᠨ ᠭᠡᠰᠢᠭᠦᠨ | ᠣᠯᠠᠨ ᠲᠦᠮᠡᠨ ᠳᠤ ᠮᠡᠳᠡᠷᠡᠭᠳᠡᠭᠰᠡᠨ ᠳᠠᠭᠠᠭᠤᠯᠤᠭᠴᠢ ᠶᠢ ᠰᠣᠩᠭᠤᠨ ᠭᠠᠷᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ | ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠠᠮᠤᠷ ᠲᠦᠪᠰᠢᠨ ᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠱᠠᠰᠢᠨ ᠰᠤᠷᠲᠠᠬᠤᠨ ᠤ ᠬᠦᠷᠢᠶᠡᠨ ᠤ ᠡᠶ᠎ᠡ ᠵᠣᠬᠢᠴᠠᠩᠭᠤᠶ ᠲᠣᠭᠲᠠᠭᠤᠨ | ᠪᠠᠶᠢᠳᠡᠯ ᠢ ᠬᠠᠮᠠᠭᠠᠯᠠᠬᠤ ᠬᠡᠷᠡᠭᠲᠡᠶ ᠭᠡᠵᠡᠶ᠃ | ᠪᠠᠶᠠᠨᠬᠤᠸᠠ ᠪᠠᠯᠭᠠᠰᠤᠨ ᠳᠤ᠂ ᠸᠠᠩ ᠱᠧᠩ ᠼᠠᠢ ᠬᠤᠰᠢᠭᠤ ᠪᠠᠯᠭᠠᠰᠤ ᠬᠤᠶᠠᠷ ᠱᠠᠳᠣᠨ ᠤ ᠲᠥᠪ ᠤᠨ | ᠨᠡᠢᠮᠡᠨ ᠵᠣᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ | ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠰᠤᠷᠤᠯᠴᠠᠯᠭ᠎ᠠ ᠬᠥᠮᠦᠵᠢᠯ ᠢ ᠬᠡᠳᠦᠶ | ᠭᠦᠨᠵᠡᠭᠡᠶ ᠰᠤᠷᠤᠯᠴᠠᠭᠰᠠᠨ ᠡᠰᠡᠬᠦ ᠠᠰᠠᠭᠤᠳᠠᠯ ᠢ ᠣᠨᠣᠪᠴᠢᠲᠠᠶ ᠪᠠᠶᠢᠴᠠᠭᠠᠵᠤ ᠴᠢᠳᠠᠭᠰᠠᠨ ᠡᠰᠡᠬᠦ᠂ ᠬᠠᠮᠤᠭ | ᠡᠴᠦᠰ ᠲᠤ ᠥᠭᠡᠷᠡᠴᠢᠯᠡᠭᠰᠡᠨ ᠤ ᠦᠷ᠎ᠡ ᠳ᠋ᠦᠩ ᠢᠶᠠᠷ ᠬᠢᠷᠢ ᠵᠡᠷᠭᠡ ᠪᠠᠶᠢᠬᠤ ᠶᠢ ᠰᠢᠯᠭᠠᠨ ᠪᠠᠶᠢᠴᠠᠭᠠᠬᠤ ᠬᠡᠷᠡᠭᠲᠡᠶ᠃ | ᠰᠤᠷᠤᠯᠴᠠᠬᠤ ᠪᠠ ᠪᠠᠶᠢᠴᠠᠭᠠᠨ ᠥᠭᠡᠷᠡᠴᠢᠯᠡᠬᠦ ᠠᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠡᠯ᠎ᠡ ᠵᠦᠢᠯ ᠤᠨ | ᠡᠭᠦᠷᠭᠡ ᠶᠢᠨ ᠨᠠᠶᠢᠳᠠᠪᠣᠷᠢᠵᠢᠭᠤᠯᠣᠯᠳᠠ ᠶᠢ ᠴᠢᠩᠭ᠎ᠠ ᠪᠥᠭᠡᠳ ᠪᠣᠳᠠᠲᠠᠶ ᠪᠠᠷ ᠰᠠᠶᠢᠳᠣᠷ ᠠᠳᠬᠤᠵᠤ᠂ ᠬᠥᠳᠡᠭᠡ | ᠲᠣᠰᠬᠤᠨ ᠤ ᠨᠠᠮ ᠤᠨ ᠭᠡᠰᠢᠭᠦᠨ ᠭᠤᠤᠯᠯᠠᠭᠴᠢ ᠬᠦᠴᠦᠨ᠂ ᠠᠬᠠᠮᠠᠳ ᠨᠠᠮ ᠤᠨ ᠭᠡᠰᠢᠭᠦᠨ᠂ ᠨᠡᠭᠦᠳᠡᠯ ᠨᠠᠮ ᠤᠨ | ᠭᠡᠰᠢᠭᠦᠨ ᠵᠡᠷᠭᠡ ᠰᠦᠷᠦᠭᠵᠢᠯ ᠤᠨ ᠰᠤᠷᠤᠯᠴᠠᠯᠭ᠎ᠠ ᠬᠥᠮᠦᠵᠢᠯ ᠤᠨ ᠠᠵᠢᠯ ᠢ ᠲᠥᠷᠥᠯ ᠬᠤᠪᠢᠶᠠᠨ ᠰᠠᠶᠢᠲᠤᠷ | ᠠᠳᠬᠤᠵᠤ᠂ ᠬᠥᠳᠡᠭᠡ ᠲᠣᠰᠬᠤᠨ ᠤ ᠬᠠᠮᠲᠤ ᠶᠢᠨ ︽ᠪᠠᠯᠠ ᠮᠥᠩᠭᠦ᠂ ᠡᠳ᠋ ᠬᠥᠷᠥᠩᠭᠡ᠂ ᠡᠬᠢ ᠪᠠᠶᠠᠯᠢᠭ︾ ᠤᠨ | ᠬᠠᠮᠢᠶᠠᠷᠤᠯᠲᠠ ᠵᠡᠷᠭᠡ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠪᠠᠶᠢᠴᠠᠭᠠᠨ ᠳᠡᠯᠭᠡᠵᠦ ᠴᠡᠭᠴᠡᠯᠡᠨ | ᠵᠠᠰᠠᠬᠤ ᠶᠢ ᠲᠣᠪᠣᠶᠢᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠵᠡᠷᠭᠡ ᠠᠵᠢᠯ ᠲᠠᠢ ᠤᠶᠠᠯᠳᠤᠭᠤᠯᠵᠤ᠂ ᠰᠤᠷᠲᠠᠯ ᠢ ᠬᠤᠪᠢᠷᠠᠭᠤᠯᠬᠤ᠂ ᠰᠤᠷᠲᠠᠯ ᠢ ᠰᠠᠶᠢᠵᠢᠷᠠᠭᠤᠯᠬᠤ | ᠤᠬᠠᠮᠰᠠᠷᠲᠤ ᠴᠢᠨᠠᠷ ᠡᠷᠡᠰ ᠪᠠᠲᠤ ᠴᠢᠨᠠᠷ ᠢ ᠴᠢᠩᠭᠠᠳᠬᠠᠵᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ | ᠬᠡᠷᠡᠭᠲᠡᠶ ᠭᠡᠵᠡᠶ᠃ ︵ᠯᠢ ᠬᠤᠸᠠᠨ ᠢᠦᠶ︶ |