7 ᠰᠠᠷ᠎ᠠ ᠶᠢᠨ 8 ᠤ ᠡᠳᠦᠷ᠂ ᠠᠷᠤ ᠬᠤᠷᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠣᠨᠤᠯ | ᠰᠤᠷᠤᠯᠴᠠᠯᠭ᠎ᠠ ᠶᠢᠨ ᠭᠤᠤᠯ ᠳᠤᠭᠤᠶᠢᠯᠠᠩ ︵ᠥᠷᠭᠡᠳᠬᠡᠭᠰᠡᠨ︶ ᠤᠨ ᠲᠥᠪᠯᠡᠷᠡᠭᠦᠯᠦᠨ ᠰᠤᠷᠤᠯᠴᠠᠬᠤ ᠬᠤᠷᠠᠯ | ᠬᠤᠷᠠᠯᠳᠤᠵᠤ᠂ ᠤᠯᠤᠰ ᠤᠨ ᠡᠳ᠋ ᠤᠨ ᠵᠠᠰᠠᠭ ᠤᠨ ᠶᠠᠮᠤᠨ ᠤ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ | ᠠᠮᠠᠷᠠᠭᠰᠠᠨ ᠺᠠᠳ᠋ᠷᠴᠤᠳ ᠤᠨ ᠲᠣᠪᠴᠢᠶ᠎ᠠ ᠶᠢᠨ ᠤᠤᠯ ᠤᠨ ᠲᠣᠭᠤᠷᠢᠨ ᠪᠠᠶᠢᠴᠠᠭᠠᠡᠡᠴᠢ ᠵᠸᠦ ᠪᠢᠩ ᠵᠢᠶᠠᠨ ᠨᠥᠬᠦᠷ ᠢ | ᠤᠷᠢᠵᠤ ᠲᠤᠰᠬᠠᠶ ᠰᠡᠳᠦᠪᠲᠦ ᠲᠠᠶᠢᠯᠤᠮᠵᠢ ᠭᠢᠯᠭᠡᠪᠡ᠃ | | | | ᠬᠤᠰᠢᠭᠤᠨ ᠨᠠᠮ ᠤᠨ ᠬᠤᠷᠢᠶᠠᠨ ᠤ ᠱᠦᠵᠢ ᠸᠧᠶ ᠪᠢᠯᠢᠭ ᠵᠡᠷᠭᠡ ᠬᠤᠰᠢᠭᠤᠨ ᠨᠠᠮ ᠤᠨ ᠬᠤᠷᠢᠶ᠎ᠠ ᠶᠢᠨ | ᠣᠨᠣᠯ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ ᠪᠦᠷᠢᠯᠳᠦᠬᠦᠨ ᠵᠢᠴᠢ ᠬᠤᠰᠢᠭᠤᠨ ᠳᠠᠭᠠᠨ ᠪᠠᠶᠢᠭ᠎ᠠ ᠰᠢᠶᠠᠨ | ᠭᠠᠵᠠᠷ ᠤᠨ ᠳᠡᠰ ᠤᠨ ᠤᠳᠤᠷᠢᠳᠤᠯᠭ᠎ᠠ᠂ ᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠳᠡᠳ᠋ ᠰᠠᠯᠠᠭᠠᠨ | ᠳᠡᠰ ᠠᠴᠠ ᠳᠡᠭᠡᠭᠰᠢᠬᠢ ᠺᠠᠳ᠋ᠷ᠂ ᠬᠤᠰᠢᠭᠤᠨ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠶᠢᠨ ᠳᠡᠳ᠋ ᠰᠠᠯᠠᠭᠠᠨ ᠳᠡᠰ ᠠᠴᠠ ᠳᠡᠭᠡᠭᠰᠢᠬᠢ ᠺᠠᠳ᠋ᠷ᠂ ᠨᠠᠮ ᠤᠨ ᠠᠯᠪᠠᠨ ᠭᠡᠷ ᠤᠨ | ᠡᠷᠬᠢᠯᠡᠭᠴᠢ᠂ ᠨᠠᠮ ᠤᠨ ᠰᠤᠷᠭᠠᠭᠤᠯᠢ ᠶᠢᠨ ᠪᠠᠭᠰᠢ᠂ ᠡᠯ᠎ᠡ ᠤᠯᠠᠨ ᠲᠦᠮᠡᠨ ᠤ ᠪᠦᠯᠬᠦᠮ᠂ ᠲᠥᠪ ᠣᠷᠣᠨ | ᠬᠤᠲᠠ ᠶᠢᠨ ᠠᠷᠤ ᠬᠤᠷᠴᠢᠨ ᠳᠤ ᠰᠠᠭᠤᠭ᠎ᠠ ᠡᠯ᠎ᠡ ᠪᠠᠶᠢᠭᠤᠯᠭ᠎ᠠ᠂ ᠤᠯᠤᠰ ᠤᠨ ᠥᠮᠴᠢᠯᠡᠯᠲᠦ ᠭᠤᠤᠯᠳᠠᠯᠭᠠᠲᠤ ᠠᠵᠤ | ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠰᠢᠨ ᠾᠦᠢ ᠬᠤᠷᠠᠯ ᠡᠷᠬᠢᠯᠡᠪᠡ᠃ | ᠮᠡᠳᠡᠭᠦᠯᠦᠯᠲᠡ ᠶᠢᠨ ᠬᠤᠷᠠᠯ ᠳᠡᠭᠡᠷ᠎ᠡ᠂ ᠵᠸᠦ ᠪᠢᠩ ᠵᠢᠶᠠᠨ ︽ᠬᠦᠨᠳᠦᠲᠦ ᠠᠪᠠᠭ᠎ᠠ ᠠᠪᠤ᠂ ᠬᠠᠶᠢᠷᠠᠳᠤ | ᠶᠡᠷᠦᠩᠬᠡᠶ ᠰᠠᠶᠢᠣᠨ︾ ᠭᠡᠬᠦ ᠰᠡᠳᠦᠪ ᠢᠶᠠᠷ ᠠᠪᠠᠭ᠎ᠠ ᠵᠸᠦ ᠧᠨ ᠯᠠᠶ ᠶᠡᠷᠦᠩᠬᠡᠶ ᠰᠠᠶᠢᠤᠨ ᠤᠨ ︽ᠠᠷᠪᠠᠨ ᠵᠤᠷᠪᠤᠰ | ᠭᠡᠷ ᠤᠨ ᠳᠦᠷᠢᠮ︾ ᠤᠨ ᠠᠷᠤ ᠳᠠᠬᠢ ᠭᠡᠷ ᠤᠨ ᠰᠤᠷᠲᠠᠯ ᠤᠨ ᠤᠯᠠᠮᠵᠢᠯᠠᠯ ᠢ ᠭᠦᠨ ᠵᠤᠵᠠᠭᠠᠨ ᠬᠠᠶᠢᠷ᠎ᠠ | ᠰᠡᠳᠬᠢᠯᠭᠡ ᠲᠠᠢ ᠪᠠᠷ ᠶᠠᠷᠢᠵᠤ᠂ ᠶᠡᠷᠦᠩᠬᠡᠶ ᠰᠠᠶᠢᠤᠨ ᠤᠨ ᠭᠡᠷ ᠤᠨ ᠬᠥᠮᠦᠰ ᠢᠶᠠᠨ ︽ ᠣᠡᠴᠠᠭᠠᠶᠢᠷᠠᠵᠤ ᠪᠣᠯᠬᠤ | ᠦᠬᠡᠶ ︾᠂ ︽ᠡᠩ ᠤᠨ ᠬᠥᠳᠡᠯᠮᠦᠷᠢᠴᠢᠨ ᠪᠣᠯᠬᠤ ᠬᠡᠷᠡᠭᠲᠡᠶ︾ ᠭᠡᠵᠦ ᠱᠠᠭᠠᠷᠳᠠᠭᠰᠠᠨ ᠠᠮᠢᠳᠤᠯᠢᠭ ᠪᠣᠳᠠᠲᠠᠶ ᠵᠢᠱᠢᠶ᠎ᠡ | ᠵᠢᠴᠢ ᠲᠡᠷᠡ ᠪᠠᠷ ᠥᠪᠥᠷ ᠮᠣᠩᠭᠤᠯ ᠳᠤ ᠪᠠᠶᠢᠬᠤ ᠳᠠᠭᠠᠨ ᠶᠡᠷᠦᠩᠬᠡᠶ ᠰᠠᠶᠢᠤᠨ ᠤᠨ ᠰᠤᠷᠭᠠᠯ ᠢ | ᠦᠢᠯᠡᠳᠣᠯᠭᠡᠵᠢᠭᠦᠯᠵᠤ᠂ ᠬᠢᠯᠢ ᠬᠢᠵᠠᠭᠠᠷ ᠲᠤ ᠦᠨᠳᠦᠰᠦᠯᠡᠵᠦ ᠣᠯᠠᠨ ᠲᠦᠮᠡᠨ ᠳᠤ ᠦᠢᠯᠡᠴᠢᠯᠡᠭᠰᠡᠨ | ᠥᠩᠭᠡᠷᠡᠯᠲᠡ ᠪᠠᠨ ᠬᠤᠪᠢᠶᠠᠯᠴᠠᠵᠠᠶ᠃ ᠵᠸᠦ ᠪᠢᠩ ᠵᠢᠶᠠᠨ ᠨᠥᠬᠦᠷ ᠤᠨ ᠡᠷᠭᠢᠴᠡᠭᠦᠯᠦᠯ ᠳᠤ᠂ ᠵᠸᠦ ᠡᠸ᠋ᠨ ᠯᠠᠶ | ᠶᠡᠷᠦᠩᠬᠡᠶ ᠰᠠᠶᠢᠤᠨ ᠢᠮᠠᠭᠲᠠ ᠡᠪ ᠬᠠᠮᠲᠤᠴᠤᠳ ᠤᠨ ᠴᠡᠪᠡᠷ ᠵᠠᠩ ᠰᠤᠷᠲᠠᠯ ᠢᠶᠠᠷ ᠭᠡᠷ ᠤᠨ ᠰᠤᠷᠲᠠᠯ ᠢ | ᠪᠣᠯᠪᠠᠰᠤᠷᠠᠭᠤᠯᠵᠤ᠂ ︽ᠡᠭᠡᠯ ᠵᠢᠷ ᠤᠨ ᠬᠥᠮᠦᠨ ᠪᠣᠯᠵᠤ᠂ ᠪᠣᠳᠠᠲᠠᠶ ᠶᠠᠪᠤᠳᠠᠯ ᠬᠢᠬᠦ︾ ᠨᠢ ᠵᠸᠦ ᠣᠪᠣᠭᠲᠤ ᠶᠢᠨ | ᠦᠶ᠎ᠡ ᠶᠢᠨ ᠦᠶ᠎ᠡ ᠳᠤ ᠪᠠᠨ ᠤᠯᠠᠮᠵᠢᠯᠠᠬᠤ ᠵᠢᠷᠤᠮᠯᠠᠯ ᠪᠣᠯᠵᠠᠶ᠃ ᠲᠤᠬᠠᠶ ᠶᠢᠨ ᠲᠠᠯᠠᠪᠠᠢ ᠶᠢᠨ ᠰᠣᠨᠣᠰᠤᠭᠴᠢᠳ | ᠨᠢᠭᠡᠪᠦᠷᠢ ᠳᠤ ᠡᠪ ᠬᠠᠮᠲᠤᠴᠤᠳ ᠤᠨ ᠪᠡᠶ᠎ᠡ ᠪᠠᠨ ᠵᠠᠰᠠᠵᠤ ᠭᠡᠷ ᠢᠶᠠᠨ ᠲᠡᠭᠰᠢᠯᠡᠬᠦ ᠵᠣᠷᠢᠭ ᠰᠠᠨᠠᠭᠠᠨ ᠤ ᠬᠡᠪ | ᠳᠠᠭᠤᠷᠢᠶᠠᠯ ᠢ ᠪᠣᠢ ᠪᠣᠯᠭᠠᠵᠤ ᠦᠭᠭᠦᠭᠰᠡᠨ ᠲᠡᠳᠦᠶ ᠦᠭᠡᠢ᠂ ᠬᠤᠷᠠᠯ ᠳᠤ ᠣᠷᠣᠯᠴᠠᠭᠰᠠᠳ ᠲᠤ ︽ᠭᠡᠷ ᠤᠨ ᠰᠤᠷᠲᠠᠯ | ᠨᠢ ᠨᠠᠮ ᠤᠨ ᠰᠤᠷᠲᠠᠯ ᠵᠠᠰᠠᠭ ᠤᠨ ᠰᠤᠷᠲᠠᠯ ᠲᠠᠢ ᠬᠤᠯᠪᠣᠭᠳᠠᠵᠤ᠂ ᠭᠡᠷ ᠤᠨ ᠮᠣᠷᠠᠯ ᠨᠢ ᠨᠠᠮ ᠤᠨ ᠮᠣᠷᠠᠯ ᠵᠠᠰᠠᠭ ᠤᠨ | ᠮᠣᠷᠠᠯ ᠲᠠᠢ ᠬᠤᠯᠪᠣᠭᠳᠠᠨ᠎ᠠ︾ ᠭᠡᠬᠦ ᠭᠤᠤᠯ ᠠᠭᠤᠯᠬᠤᠨ ︵ᠣᠶᠢᠯᠠᠭᠠᠭᠤᠯᠵᠤ᠂ ᠦᠵᠡᠯ ᠰᠠᠨᠠᠭᠠᠨ ᠤ ᠬᠢᠨᠢ | ᠳᠣᠲᠣᠭᠠᠳᠤ ᠬᠢᠵᠠᠭᠠᠷ ᠢ ᠲᠡᠯᠡᠵᠤ᠂ ᠭᠦᠨᠵᠡᠭᠡᠶ ᠤᠬᠢᠶᠠᠯ ᠬᠦᠷᠲᠡᠭᠡᠭᠰᠡᠨ ᠪᠠᠶᠢᠨ᠎ᠠ᠃ | | | | ᠬᠤᠷᠠᠯ ᠠᠴᠠ ᠴᠢᠩᠭᠠᠳᠬᠠᠬᠤ ᠳᠠᠭᠠᠨ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ | ᠤᠬᠠᠮᠰᠠᠷ ᠠᠴᠠ ᠪᠠᠨ ᠰᠢ ᠶᠢᠨ ᠫᠢᠩ ᠶᠡᠷᠦᠩᠬᠡᠶ ᠱᠦᠵᠢ ᠶᠢᠨ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ | ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠶ ᠴᠢᠬᠤᠯᠠ ᠥᠭᠦᠯᠡᠯᠲᠡ ᠠᠴᠠ ᠣᠶᠤᠨ ᠤᠬᠠᠭᠠᠨ ᠰᠢᠩᠭᠡᠭᠡᠨ ᠠᠪᠴᠤ᠂ | ᠶᠡᠷᠦᠩᠬᠡᠶ ᠰᠠᠶᠢᠤᠨ ᠵᠸᠦ ᠡᠸ᠋ᠨ ᠯᠠᠶ ᠶᠢᠨ ᠭᠡᠷ ᠤᠨ ᠰᠤᠷᠲᠠᠯ ᠤᠨ ᠥᠯᠢᠭᠡᠷ ᠠᠴᠠ ᠡᠷᠴᠢ ᠬᠦᠴᠦ ᠣᠯᠵᠤ᠂ ᠭᠡᠷ ᠤᠨ | ᠰᠤᠷᠲᠠᠯ ᠴᠢᠬᠤᠯᠠᠴᠢᠯᠠᠬᠤ᠂ ᠭᠡᠷ ᠤᠨ ᠰᠤᠷᠲᠠᠯ ᠢ ᠪᠠᠶᠢᠭᠤᠯᠬᠤ ᠶᠠᠪᠤᠳᠠᠯ ᠢ ᠳᠣᠲᠣᠭᠠᠳᠤ ᠰᠡᠳᠬᠢᠯ ᠤᠨ ᠤᠬᠠᠮᠰᠠᠷ | ᠪᠣᠯᠭᠠᠬᠤ ᠬᠡᠷᠡᠭᠲᠡᠶ᠃ ᠪᠡᠶ᠎ᠡ ᠪᠠᠷ ᠢᠶᠠᠨ ᠬᠡᠪ ᠳᠦᠷᠢᠮ ᠦᠵᠡᠭᠦᠯᠬᠦ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ | ᠬᠤᠪᠢ ᠬᠥᠮᠦᠨ ᠤ ᠦᠰᠦᠨ ᠪᠤᠶᠢᠵᠢᠯᠲᠠ ᠶᠢ ᠭᠡᠷ ᠪᠦᠯᠢ ᠶᠢᠨ ᠵᠣᠯ ᠵᠢᠷᠭᠠᠯ᠂ ᠨᠡᠶᠢᠭᠡᠮ ᠤᠨ ᠬᠥᠭᠵᠢᠯᠲᠡ ᠲᠠᠢ | ᠤᠶᠠᠯᠳᠤᠭᠤᠯᠵᠤ᠂ ᠰᠠᠶᠢᠨ ᠰᠠᠶᠢᠬᠠᠨ ᠭᠡᠷ ᠤᠨ ᠰᠤᠷᠲᠠᠯ ᠢᠶᠠᠷ ᠨᠠᠮ ᠤᠨ ᠰᠤᠷᠲᠠᠯ ᠵᠠᠰᠠᠭ ᠤᠨ ᠰᠤᠷᠲᠠᠯ ᠢ | ᠠᠬᠢᠭᠤᠯᠵᠤ᠂ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠲᠠᠶᠢᠴᠢᠯᠠᠬᠤ ᠬᠡᠷᠡᠭᠲᠡᠶ᠃ ᠬᠠᠷᠢᠭᠤᠴᠠᠯᠭ᠎ᠠ ᠡᠭᠦᠷᠭᠡᠯᠡᠨ | ᠠᠵᠢᠯ ᠶᠠᠪᠤᠳᠠᠯ ᠬᠢᠬᠦ ᠶᠢ ᠴᠢᠩᠭᠠᠳᠬᠠᠵᠤ᠂ ᠭᠡᠷ ᠤᠨ ᠰᠤᠷᠲᠠᠯ ᠳᠤ ᠠᠭᠤᠯᠤᠭᠳᠠᠵᠤ ᠪᠠᠶᠢᠭ᠎ᠠ ᠡᠷᠬᠢᠮ ᠨᠠᠨᠳᠢᠨ ᠵᠠᠩ | ᠴᠢᠨᠠᠷ ᠢ ᠠᠵᠢᠯ ᠤᠨ ᠳᠤᠮᠳᠠ ᠪᠠᠨ ᠢᠳᠡᠪᠬᠢᠲᠡᠶ ᠪᠠᠷ ᠠᠭᠤᠰᠬᠠᠨ ᠣᠷᠣᠭᠤᠯᠵᠤ᠂ ᠰᠢᠯᠢᠳᠡᠭ ᠭᠡᠷ ᠤᠨ ᠰᠤᠷᠲᠠᠯ᠂ | ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠬᠦᠴᠦᠨ ᠨᠡᠮᠡᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ ︵ᠯᠢ ᠬᠤᠸᠠᠨ ᠢᠦᠶ᠂ ᠯᠢᠦ | ᠰᠢᠨ ᠲᠢᠩ᠂ ᠴᠡᠯᠮᠡᠭ︶ |