6 ᠰᠠᠷ᠎ᠠ ᠶᠢᠨ 30 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠱᠦᠵᠢ ᠸᠧᠶ ᠪᠢᠯᠢᠭ᠂ ᠬᠤᠰᠢᠭᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠤᠩ ᠰᠢᠨ | ᠵᠡᠷᠭᠡ ᠬᠤᠰᠢᠭᠤᠨ ᠳᠠᠭᠠᠨ ᠪᠠᠶᠢᠭ᠎ᠠ ᠰᠢᠶᠠᠨ ᠭᠠᠵᠠᠷ ᠤᠨ ᠳᠡᠰ ᠤᠨ ᠤᠳᠤᠷᠢᠳᠤᠯᠭ᠎ᠠ ᠬᠤᠰᠢᠭᠤᠨ ᠬᠠᠤᠯᠢᠵᠢᠯ ᠤᠨ | ᠬᠥᠮᠦᠵᠢᠯ ᠤᠨ ᠰᠠᠭᠤᠷᠢᠨ ᠳᠤ ᠬᠦᠷᠴᠦ ᠰᠤᠷᠤᠯᠴᠠᠯᠭ᠎ᠠ ᠬᠥᠮᠦᠵᠢᠯ ᠤᠨ ᠭᠤᠤᠯ ᠰᠡᠳᠦᠪᠲᠦ ᠨᠠᠮ ᠤᠨ ᠡᠳᠦᠷ ᠤᠨ | ᠠᠵᠢᠯᠯᠠᠭ᠎ᠠ ᠳᠤ ᠣᠷᠣᠯᠴᠠᠪᠠ᠃ ᠬᠠᠮᠲᠤ ᠪᠠᠷ ᠰᠡᠷᠡᠮᠵᠢᠯᠡᠬᠦᠯᠬᠦ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ | ᠦᠵᠡᠵᠦ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠡᠷᠭᠢᠴᠡᠭᠦᠯᠪᠡ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ᠂ ᠲᠥᠪ ᠤᠨ ᠨᠠᠢᠮᠡᠨ ᠵᠤᠷᠪᠤᠰ | ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ᠂ ᠳᠦᠷᠢᠮ ᠠᠴᠠ ᠵᠥᠷᠢᠴᠡᠵᠦ | ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠰᠤᠷᠤᠯᠴᠠᠨ | ᠰᠤᠳᠤᠯᠤᠨ ᠶᠠᠷᠢᠯᠴᠠᠪᠠ᠃ | ᠰᠤᠷᠤᠯᠴᠠᠵᠤ ᠰᠤᠳᠤᠯᠤᠨ ᠶᠠᠷᠢᠯᠴᠠᠬᠤ ᠳᠤᠮᠳᠠ᠂ ᠵᠢᠶᠠ ᡁᠢ ᠬᠤᠩ᠂ ᠭᠦᠸᠧ ᠯᠦ ᠮᠧᠩ᠂ ᠵᠠᠩ ᠰᠢᠤᠢ | ᠫᠧᠩ᠂ ᠴᠧᠨ ᠢᠦᠶ ᠮᠢᠩ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ | ᠸᠧᠶ ᠪᠢᠯᠢᠭ ᠴᠢᠬᠤᠯᠠᠴᠢᠯᠠᠬᠤ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ | ᠲᠥᠪ ᠤᠨ ᠨᠠᠢᠮᠡᠨ ᠵᠤᠷᠪᠤᠰ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠦᠷᠢᠮ ᠠᠴᠠ ᠵᠥᠷᠢᠴᠡᠨ ᠢᠳᠡᠵᠦ ᠤᠤᠭᠤᠬᠤ | ᠤᠯᠤᠰ ᠲᠥᠷᠥ ᠶᠢᠨ ᠬᠤᠤᠷ ᠭᠥᠨᠥᠭᠡᠯ ᠢ ᠭᠦᠨᠵᠡᠭᠡᠶ ᠲᠠᠨᠢᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠴᠢᠩᠭ᠎ᠠ | ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ︽ ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ | ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ᠤᠳᠤᠷᠢᠳᠬᠤ ᠺᠠᠳ᠋ᠷ ᠤᠨ ᠵᠢᠱᠢᠶ᠎ᠡ ᠦᠵᠡᠭᠦᠯᠵᠦ | ᠳᠠᠶᠢᠴᠢᠯᠠᠬᠤ ᠦᠢᠯᠡᠳᠦᠯ ᠢ ᠭᠦᠢᠴᠡᠣᠨ ᠪᠠᠳᠠᠷᠠᠭᠤᠯᠵᠤ᠂ ᠰᠠᠬᠢᠯᠭ᠎ᠠ ᠪᠠᠲᠤ ᠶᠣᠰᠣ ᠳᠦᠷᠢᠮ ᠤᠨ ᠤᠬᠠᠮᠰᠠᠷ ᠢᠶᠠᠨ | ᠲᠦᠷᠦᠭᠦᠯᠡᠨ ᠴᠢᠩᠭᠠᠳᠬᠠᠵᠤ᠂ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ | ᠬᠢᠨᠠᠮᠠᠭᠠᠶ ᠨᠠᠶᠢᠳᠠᠪᠤᠷᠢᠵᠢᠭᠤᠯᠵᠤ᠂ ᠳᠦᠷᠢᠮ ᠠᠴᠠ ᠵᠥᠷᠢᠴᠡᠵᠦ ᠢᠳᠡᠵᠦ ᠤᠤᠭᠤᠬᠤ ᠶᠢ ᠴᠢᠩᠭ᠎ᠠ ᠪᠠᠶᠢᠴᠠᠭᠠᠵᠤ | ᠴᠢᠩᠭ᠎ᠠ ᠵᠠᠯᠠᠷᠠᠭᠤᠯᠬᠤ ᠳᠠᠷᠤᠯᠲᠠ ᠶᠢ ᠨᠠᠮ ᠤᠨ ᠭᠡᠰᠢᠭᠦᠨ ᠺᠠᠳ᠋ᠷ ᠪᠣᠯᠤᠨ ᠠᠯᠪᠠᠨ ᠲᠤᠰᠢᠶᠠᠯᠲᠠᠨ ᠨᠢᠭᠡᠪᠦᠷᠢ ᠳᠤ | ᠳᠠᠮᠵᠢᠭᠤᠯᠵᠤ ᠦᠭᠡ ᠶᠠᠷᠢᠶ᠎ᠠ ᠳᠠᠭᠠᠨ ᠴᠡᠭᠡᠷᠯᠡᠯ ᠲᠠᠢ᠂ ᠦᠢᠯᠡ ᠠᠵᠢᠯᠯᠠᠭ᠎ᠠ ᠳᠠᠭᠠᠨ ᠬᠤᠷᠢᠭ᠎ᠠ ᠲᠠᠢ ᠪᠠᠶᠢᠬᠤ ᠶᠢ | ᠪᠡᠶᠡᠯᠡᠭᠦᠯᠬᠦ ᠬᠡᠷᠡᠭᠲᠡᠶ᠃ ᠰᠤᠷᠲᠠᠯ ᠢᠯᠵᠠᠷᠠᠯ ᠢ ᠵᠡᠷᠭᠡ ᠪᠠᠷ ᠪᠠᠶᠢᠴᠠᠭᠠᠵᠤ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ | ᠳᠦᠷᠢᠮ ᠠᠴᠠ ᠵᠥᠷᠢᠴᠡᠵᠦ ᠢᠳᠡᠵᠦ ᠤᠤᠭᠤᠭᠰᠠᠨ᠂ ᠳᠦᠷᠢᠮ ᠠᠴᠠ ᠵᠥᠷᠢᠴᠡᠵᠦ ᠪᠡᠯᠡᠭ ᠰᠡᠯᠲᠡ ᠪᠡᠯᠡᠭ ᠤᠨ | ᠵᠣᠭᠤᠰ ᠬᠦᠯᠢᠶᠡᠨ ᠠᠪᠤᠭᠰᠠᠨ ᠪᠤᠶᠤ ᠬᠦᠷᠭᠡᠭᠰᠡᠨ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ | ᠢᠯᠵᠠᠷᠠᠯ ᠤᠨ ᠠᠰᠠᠭᠤᠳᠠᠯ ᠵᠡᠷᠭᠡ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠨᠢᠭᠤᠭᠳᠠᠵᠤ | ᠪᠠᠶᠢᠭ᠎ᠠ ᠠᠰᠠᠭᠤᠳᠠᠯ ᠤᠨ ᠰᠦᠪᠡᠭᠴᠢ ᠶᠢ ᠭᠦᠨᠵᠡᠭᠡᠶ ᠠᠭᠤᠳᠠᠯᠵᠤ ᠲᠦᠢᠯᠪᠤᠷᠢᠲᠠᠶ ᠪᠠᠶᠢᠴᠠᠭᠠᠨ᠂ ᠥᠯᠥ ᠬᠠᠶᠢᠬᠤᠷᠤᠨ | ᠰᠠᠬᠢᠯᠭ᠎ᠠ ᠪᠠᠲᠤ ᠠᠴᠠ ᠵᠥᠷᠢᠴᠡᠭᠰᠡᠳ ᠲᠤ ᠢᠯᠡᠷᠡᠨ ᠴᠤᠬᠤᠶᠢᠮᠠᠭᠴᠠ ᠴᠣᠬᠢᠯᠲᠠ ᠥᠭᠴᠦ᠂ ᠴᠢᠩᠭ᠎ᠠ ᠪᠠᠶᠢᠴᠠᠭᠠᠨ | ᠬᠦᠨᠳᠦ ᠪᠠᠷ ᠰᠢᠢᠣᠡᠭᠡᠵᠤ᠂ ᠬᠦᠴᠦᠲᠡᠶ ᠰᠦᠷᠳᠡᠭᠦᠯᠦᠯ ᠢ ᠪᠣᠢ ᠪᠣᠯᠭᠠᠬᠤ ᠬᠡᠷᠡᠭᠲᠡᠶ ᠭᠡᠵᠡᠶ᠃ ︵ᠯᠢ ᠬᠤᠸᠠᠨ ᠢᠦᠶ︶ |