ᠠᠷᠤ ᠬᠤᠷᠴᠢᠨ ᠬᠤᠰᠢᠭᠤ ︽ᠣᠳᠣᠬᠢᠴᠢᠯᠬᠠᠰᠡᠨ ᠠᠮᠢᠳᠤᠷᠠᠯ ᠲᠠᠢ ᠠᠭᠤᠰᠤᠯᠴᠠᠬᠤ-ᠪᠣᠳᠠᠰ ᠤᠨ ᠪᠤᠰᠤ ᠰᠣᠶᠣᠯ ᠤᠨ ᠥᠪ ᠤᠨ ᠪᠠᠳᠠᠷᠠᠯ ᠤᠨ ᠡᠷᠢᠨ︾ ᠪᠣᠳᠠᠰ ᠤᠨ ᠪᠤᠰᠤ ᠰᠣᠶᠣᠯ ᠤᠨ ᠥᠪ᠂ ᠰᠣᠶᠣᠯ ᠵᠢᠭᠤᠯᠴᠢᠯᠠᠯ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠳᠡᠯᠭᠡᠨ ᠦᠵᠡᠭᠦᠯᠭᠡ ᠡᠷᠬᠢᠯᠡᠪᠡ
ᠨᠡᠶᠢᠲᠡᠯᠡᠭᠰᠡᠨ ᠴᠠᠭ᠄
2025/7/3
       ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 104 ᠵᠢᠯ ᠤᠨ ᠣᠢ ᠶᠢ ᠪᠡᠯᠭᠡᠯᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ᠂ ᠠᠷᠤ ᠬᠤᠷᠴᠢᠨ ᠬᠤᠰᠢᠭᠤᠨ ᠤ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠦᠭᠰᠡᠨ ᠰᠢᠨ᠎ᠡ ᠦᠷ᠎ᠡ ᠪᠦᠲᠦᠭᠡᠯ ᠢ ᠪᠦᠬᠦ ᠲᠠᠯ᠎ᠠ ᠪᠠᠷ ᠤᠬᠠᠭᠤᠯᠤᠨ ᠬᠠᠷᠠᠭᠤᠯᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠢᠳᠡᠪᠬᠢᠲᠡᠶ ᠠᠬᠢᠭᠤᠯᠬᠤ ᠶᠢᠨ ᠲᠥᠯᠥᠭᠡ᠂ 7 ᠰᠠᠷ᠎ᠠ  ᠶᠢᠨ 1 ᠤ ᠡᠳᠦᠷ᠂ ᠠᠷᠤ ᠬᠤᠷᠴᠢᠨ ᠬᠤᠰᠢᠭᠤ ︽ᠣᠳᠣᠬᠢᠴᠢᠯᠠᠭᠰᠠᠨ ᠠᠮᠢᠳᠤᠷᠠᠯ ᠲᠠᠢ ᠠᠭᠤᠰᠤᠯᠴᠠᠬᠤ — ᠪᠣᠳᠠᠰ ᠤᠨ ᠪᠤᠰᠤ ᠰᠣᠶᠣᠯ ᠤᠨ ᠥᠪ ᠤᠨ ᠪᠠᠳᠠᠷᠠᠯ ᠤᠨ ᠡᠷᠢᠨ︾ ᠪᠣᠳᠠᠰ ᠤᠨ ᠪᠤᠰᠤ ᠰᠣᠶᠣᠯ ᠤᠨ ᠥᠪ᠂ ᠰᠣᠶᠣᠯ ᠵᠢᠭᠤᠯᠴᠢᠯᠠᠯ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠳᠡᠯᠭᠡᠨ ᠦᠵᠡᠭᠦᠯᠭᠡ ᠶᠢᠨ ᠠᠵᠢᠯᠯᠠᠭ᠎ᠠ ᠡᠷᠬᠢᠯᠡᠪᠡ᠃
       ᠲᠤᠰ ᠤᠳᠠᠭᠠᠨ ᠤ ᠠᠵᠢᠯᠯᠠᠭ᠎ᠠ ᠨᠢ ᠠᠭᠤᠯᠭ᠎ᠠ ᠪᠠᠷ ᠪᠠᠶᠠᠯᠢᠭ ᠪᠠᠶᠢᠵᠤ᠂ ᠳᠡᠯᠭᠡᠨ ᠦᠵᠡᠭᠦᠯᠭᠡ ᠳᠠᠬᠢ ᠦᠨᠳᠦᠰᠦᠲᠡᠨ ᠤ ᠤᠯᠠᠮᠵᠢᠯᠠᠯᠲᠤ ᠬᠤᠪᠴᠠᠰᠤ ᠵᠠᠰᠠᠯ᠂ ᠮᠣᠷᠢᠨ ᠬᠡᠷᠡᠭᠰᠡᠯ᠂ ᠬᠥᠭᠵᠢᠮᠳᠡᠭᠦᠷ᠂ ᠮᠣᠳᠣᠨ ᠰᠡᠶᠢᠯᠤᠮᠡᠯ ᠵᠡᠷᠭᠡ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ ᠪᠠ ᠡᠯ᠎ᠡ ᠲᠥᠷᠥᠯ ᠤᠨ ᠤᠯᠠᠮᠵᠢᠯᠠᠯᠲᠤ ᠴᠠᠭᠠᠨ ᠢᠳᠡᠭᠡᠨ ᠵᠢᠴᠢ ᠰᠣᠶᠣᠯ ᠵᠢᠭᠤᠯᠴᠢᠯᠠᠯ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠨᠢ ᠣᠯᠠᠨ ᠤ ᠠᠩᠬᠠᠷᠤᠯ ᠢ ᠶᠡᠬᠡᠳᠡ ᠲᠠᠲᠠᠪᠠ᠃ ᠠᠵᠢᠯᠯᠠᠭ᠎ᠠ ᠶᠢᠨ ᠠᠬᠤᠶ ᠲᠠᠯᠠᠪᠠᠢ ᠳᠤ ᠬᠥᠷ ᠬᠥᠭᠵᠢᠶᠡᠨ ᠪᠢᠯᠬᠠᠵᠤ᠂ ᠮᠠᠰᠢ ᠣᠯᠠᠨ ᠬᠥᠮᠦᠰ ᠲᠣᠭᠤᠷᠢᠨ ᠦᠵᠡᠵᠦ ᠣᠶᠢᠯᠠᠭᠠᠨ ᠰᠣᠨᠢᠷᠬᠠᠬᠤ ᠪᠠᠷ ᠳᠠᠮᠵᠢᠨ ᠪᠣᠳᠠᠰ ᠤᠨ ᠪᠤᠰᠤ ᠰᠣᠶᠣᠯ ᠤᠨ ᠥᠪ ᠪᠣᠯᠤᠨ ᠣᠳᠣ ᠦᠶ᠎ᠡ ᠶᠢᠨ ᠰᠣᠶᠣᠯ ᠤᠨ ᠡᠭᠦᠳᠦᠯᠲᠡ ᠶᠢᠨ ᠥᠪᠡᠷᠮᠢᠴᠡ ᠷᠢᠳᠢ ᠰᠢᠳᠢ ᠶᠢ ᠮᠡᠳᠡᠷᠡᠪᠡ᠃
       ᠲᠤᠰ ᠤᠳᠠᠭᠠᠨ ᠤ ᠳᠡᠯᠭᠡᠨ ᠦᠵᠡᠭᠦᠯᠭᠡ ᠨᠢ 7 ᠰᠠᠷ᠎ᠠ ᠶᠢᠨ 1 ᠤ ᠡᠳᠦᠷ ᠠᠴᠠ 7 ᠤ ᠡᠳᠦᠷ ᠪᠣᠯᠲᠠᠯ᠎ᠠ ᠴᠢᠪᠠᠭ᠎ᠠ ᠪᠠᠯᠭᠠᠰᠤ ᠶᠢᠨ ᠬᠠᠭᠤᠴᠢᠨ ᠬᠤᠲᠠ ᠲᠣᠭᠤᠷᠢᠭ ᠤᠨ ᠪᠠᠷᠠᠭᠤᠨ ᠵᠠᠬ᠎ᠠ ᠳᠡᠯᠭᠡᠭᠦᠷ ᠤᠨ ᠡᠮᠦᠨ᠎ᠡ ᠲᠠᠯ᠎ᠠ ᠶᠢᠨ ᠬᠦᠷᠢᠶᠡᠨ ᠳᠤ ᠶᠠᠪᠤᠭᠳᠠᠨ᠎ᠠ᠃ ᠠᠵᠢᠯᠯᠠᠭ᠎ᠠ ᠨᠢ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠪᠠ ᠰᠣᠶᠣᠯ ᠵᠢᠭᠤᠯᠴᠢᠯᠠᠯ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠡᠭᠦᠳᠦᠭᠴᠢ ᠳᠤ ᠦᠵᠡᠭᠦᠯᠭᠡ ᠶᠢᠨ ᠲᠠᠪᠴᠠᠩ ᠬᠠᠩᠭᠠᠬᠤ ᠪᠠᠷ ᠪᠠᠷᠠᠬᠤ ᠦᠭᠡᠢ ᠥᠷᠭᠡᠨ ᠣᠯᠠᠨ ᠲᠦᠮᠡᠨ ᠳᠤ ᠪᠣᠳᠠᠰ ᠤᠨ ᠪᠤᠰᠤ ᠰᠣᠶᠣᠯ ᠤᠨ ᠥᠪ ᠲᠠᠢ ᠣᠶᠢᠷᠠᠣᠡᠬᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠷᠢᠳᠢ ᠰᠢᠳᠢ ᠶᠢ ᠮᠡᠳᠡᠷᠡᠬᠦ ᠲᠣᠬᠢᠶᠠᠯ ᠬᠠᠩᠭᠠᠵᠤ ᠬᠥᠮᠦᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠷᠲᠡᠨ ᠤ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠥᠭᠵᠢᠭᠦᠯᠵᠦ ᠰᠢᠨ᠎ᠡ ᠴᠠᠭ ᠦᠶ᠎ᠡ ᠳᠤ ᠰᠢᠨ᠎ᠡ ᠠᠮᠢᠵᠢᠷᠠᠯ ᠤᠨ ᠬᠦᠴᠦᠨ ᠣᠯᠭᠤᠬᠤ ᠪᠣᠯᠤᠨ᠎ᠠ᠃ ︵ᠯᠢᠦ ᠰᠢᠨ ᠲᠢᠩ᠂ ᠰᠠᠷᠠᠡᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号