ᠠᠷᠤ ᠬᠤᠷᠴᠢᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ | ᠭᠤᠷᠪᠠᠨ ᠵᠦᠢᠯ ᠤᠨ ᠠᠷᠭ᠎ᠠ ᠬᠡᠮᠵᠢᠶ᠎ᠡ ᠶᠢ ᠪᠦᠲᠦᠭᠡᠯᠴᠢ ᠪᠠᠷ ᠬᠡᠷᠡᠭᠵᠢᠭᠦᠯᠦᠨ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠬᠦᠴᠦᠲᠡᠶ ᠠᠬᠢᠭᠤᠯᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠢᠯᠡᠰ ᠲᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ | | | | ᠰᠤᠮᠤ ᠰᠢᠶᠠᠩ ᠪᠠᠯᠭᠠᠰᠤ ᠶᠢ ᠵᠣᠬᠢᠶᠠᠨ ᠪᠠᠶᠢᠭᠤᠯᠤᠨ ︽ᠨᠢᠭᠡ ᠳᠤ ᠨᠢᠭᠡ︾ ᠬᠤᠤᠰᠯᠠᠬᠤ ᠬᠡᠯᠪᠡᠷᠢ ᠶᠢᠨ | ᠬᠠᠮᠲᠤᠷᠠᠨ ᠪᠠᠶᠢᠭᠤᠯᠬᠤ ᠠᠵᠢᠯᠯᠠᠭ᠎ᠠ ᠥᠷᠨᠢᠭᠦᠯᠵᠦ᠂ ︽ᠡᠬᠢ ᠪᠠᠶᠠᠯᠢᠭ ᠢ ᠬᠠᠮᠲᠤᠪᠠᠷ ᠡᠳ᠋ᠯᠡᠬᠦ᠂ | ᠳᠠᠪᠠᠭᠤᠯᠢᠭ ᠢᠶᠠᠷ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠬᠠᠮᠵᠢᠯᠴᠠᠨ ᠬᠠᠮᠲᠤᠪᠠᠷ ᠬᠥᠭᠵᠢᠬᠦ︾ | ᠵᠠᠷᠴᠢᠮ ᠢᠶᠠᠷ ᠬᠠᠮᠲᠤᠷᠠᠨ ᠡᠭᠦᠳᠴᠦ ᠬᠠᠮᠲᠤᠪᠠᠷ ᠪᠠᠶᠢᠭᠤᠯᠬᠤ ᠠᠵᠢᠯᠯᠠᠭ᠎ᠠ ᠶᠢ ᠬᠦᠴᠣᠯᠡᠨ ᠡᠷᠭᠢᠯᠡᠪᠡ᠃ ᠣᠳᠣᠬᠠᠨ | ᠪᠣᠯᠲᠠᠯ᠎ᠠ ᠨᠡᠶᠢᠲᠡ 5 ᠲᠠᠯᠠᠪᠤᠷ ᠠᠵᠢᠯᠯᠠᠭ᠎ᠠ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ | ᠬᠥᠭᠵᠢᠯᠲᠡ ᠶᠢᠨ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠦᠨᠳᠦᠰᠦᠲᠡᠨ ᠨᠦᠭᠦᠳ ᠤᠨ ᠣᠯᠠᠨ | ᠲᠦᠮᠡᠨ ᠤ ᠭᠦᠨᠵᠡᠭᠡᠶ ᠦᠢᠯᠡᠳᠣᠯᠴᠡᠬᠦ ᠳᠤᠮᠳᠠ ᠣᠶᠢᠯᠠᠭᠠᠯᠴᠠᠭ᠎ᠠ ᠪᠠ ᠨᠥᠬᠦᠷᠯᠡᠯ ᠢ ᠨᠡᠮᠡᠭᠳᠡᠭᠦᠯᠦᠨ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠤ᠂ ᠬᠠᠮᠲᠤ ᠶᠢᠨ ᠴᠣᠭᠴᠠ ᠶᠢᠨ ᠤᠬᠠᠮᠰᠠᠷ ᠤᠨ | ᠰᠠᠭᠤᠷᠢ ᠶᠢ ᠪᠦᠲᠦᠮᠵᠢᠲᠡᠶ ᠪᠠᠬᠢᠵᠢᠭᠦᠯᠪᠡ᠃ | | | | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠣᠯᠭᠡ ᠶᠢᠨ ᠲᠥᠪ ᠵᠢᠴᠢ ︽ᠠᠷᠤ ᠬᠤᠷᠴᠢᠨ ᠤ ᠪᠠᠭ᠎ᠠ | ᠬᠦᠷᠢᠶᠡᠯᠡᠩ︾ ᠤᠨ ᠣᠨᠴᠠᠯᠢᠭᠲᠤ ᠲᠠᠪᠴᠠᠩ ᠳᠤ ᠲᠦᠰᠢᠭᠯᠡᠨ᠂ ︽ᠤᠮᠠᠷᠠᠲᠤ ᠬᠢᠯᠢ ᠶᠢᠨ ᠠᠨᠠᠷ︾ | ᠤᠬᠠᠭᠤᠯᠭ᠎ᠠ ᠶᠢᠨ ᠠᠩᠭᠢ ᠶᠢᠨ ᠦᠢᠯᠡᠳᠦᠯ ᠢ ᠭᠦᠢᠴᠡᠣᠨ ᠪᠠᠳᠠᠷᠠᠭᠤᠯᠵᠤ᠂ ᠨᠠᠮ ᠤᠨ ᠰᠢᠨ᠎ᠡ ᠶᠢ ᠡᠭᠦᠳᠬᠦ ᠣᠨᠣᠯ ᠪᠠ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠬᠢᠯᠪᠠᠷ ᠣᠶᠢᠯᠠᠭᠠᠮᠵᠢᠲᠠᠶ ︽ᠡᠩ ᠤᠨ ᠦᠭᠡ ᠬᠡᠯᠡᠯᠭᠡ︾ ᠪᠠᠷ | ᠲᠠᠶᠢᠯᠪᠤᠷᠢᠯᠠᠨ ᠤᠬᠠᠭᠤᠯᠪᠠ᠃ ᠤᠷᠢᠳ ᠬᠤᠵᠢᠳ ᠨᠡᠶᠢᠲᠡ 45 ᠲᠠᠯᠠᠪᠤᠷ ᠤᠳᠠᠭᠠᠨ ᠤ ᠣᠨᠣᠯ ᠤᠨ ᠤᠬᠠᠭᠤᠯᠭ᠎ᠠ | ᠥᠷᠨᠢᠭᠦᠯᠵᠦ᠂ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠪᠠ ᠮᠡᠳᠡᠷᠡᠬᠦ ᠰᠡᠳᠬᠢᠯᠭᠡ ᠶᠢ | ᠢᠯᠡᠳᠲᠡ ᠳᠡᠭᠡᠭᠰᠢᠯᠡᠭᠦᠯᠵᠦ᠂ ᠨᠠᠮ ᠤᠨ ᠣᠨᠣᠯ ᠤᠨ ᠦᠨᠳᠦᠰᠦᠨ ᠱᠠᠲᠤᠨ ᠳᠤ ᠭᠦᠨᠵᠡᠭᠡᠶᠢᠷᠡᠬᠦ ᠶᠢ ᠦᠨᠡᠨ ᠬᠦ | ᠠᠬᠢᠭᠤᠯᠪᠠ᠃ | | | | ︽1 + 4 + N︾ ᠬᠥᠮᠦᠵᠢᠯ ᠦᠢᠯᠡᠳᠣᠯᠭᠡ ᠶᠢᠨ ᠰᠢᠰᠲ᠋ᠧᠮ ᠢ ᠡᠭᠦᠳᠦᠨ ᠪᠠᠶᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠢᠯᠡᠳᠣᠯᠭᠡ ᠶᠢᠨ | ᠰᠠᠭᠤᠷᠢᠨ ᠭᠠᠵᠠᠷ ᠢ ᠪᠠᠶᠢᠭᠤᠯᠪᠠ᠃ 1 ᠪᠣᠯᠪᠠᠰᠤᠷᠠᠯ ᠤᠨ ᠲᠥᠪ ᠢᠶᠠᠷ ᠭᠤᠤᠯ ᠪᠣᠯᠭᠠᠨ ᠰᠢᠰᠲ᠋ᠧᠮ ᠲᠠᠢ ᠬᠥᠮᠦᠵᠢᠯ | ᠰᠤᠷᠭᠠᠯᠲᠠ ᠥᠷᠨᠢᠭᠦᠯᠵᠦ᠂ 4 ᠣᠨᠴᠠᠯᠢᠭᠲᠤ ᠪᠡᠶᠡᠴᠢᠯᠡᠨ ᠣᠶᠢᠯᠠᠭᠠᠬᠤ ᠣᠷᠳᠣᠨ ᠤ ᠲᠠᠯᠠᠪᠤᠷ ᠦᠵᠡᠮᠵᠢ ᠪᠠᠷ | ᠦᠨᠳᠦᠰᠦᠲᠡᠨ ᠤ ᠠᠭᠤᠰᠤᠯᠴᠠᠯ ᠤᠨ ᠲᠡᠦᠬᠡᠨ ᠠᠮᠵᠢᠯᠲᠠ ᠶᠢ ᠢᠯᠡᠷᠡᠭᠦᠯᠵᠦ᠂ N ᠲᠣᠭᠠᠨ ᠤ ᠦᠨᠳᠦᠰᠦᠨ | ᠱᠠᠳᠤᠨ ᠤ ᠦᠢᠯᠡᠳᠣᠯᠭᠡ ᠶᠢᠨ ᠴᠡᠭ ᠢ ᠨᠡᠶᠢᠭᠡᠮ ᠲᠣᠭᠤᠷᠢᠭ ᠬᠥᠳᠡᠭᠡ ᠲᠣᠰᠬᠤᠨ ᠰᠤᠷᠭᠠᠭᠤᠯᠢ ᠬᠦᠷᠲᠡᠯ᠎ᠡ | ᠦᠷᠭᠦᠯᠵᠢᠯᠡᠭᠦᠯᠵᠡᠶ᠃ ᠪᠣᠯᠪᠠᠰᠤᠷᠠᠯ ᠬᠢᠴᠢᠶᠡᠯᠡᠯᠭᠡ᠂ ᠲᠠᠯᠠᠪᠤᠷ ᠦᠵᠡᠮᠵᠢ ᠶᠢᠨ ᠪᠡᠶᠡᠴᠢ ᠣᠶᠢᠯᠠᠭᠠᠯᠳᠠ ᠵᠡᠷᠭᠡ ᠣᠯᠠᠨ | ᠡᠰᠢᠴᠢᠯᠡᠭᠰᠡᠨ ᠬᠡᠯᠪᠡᠷᠢ ᠶᠢᠨ ᠠᠵᠢᠯᠯᠠᠭ᠎ᠠ ᠨᠢ ᠨᠡᠶᠢᠲᠡ 1.2 ᠲᠦᠮᠡᠨ ᠬᠥᠮᠦᠨ ᠤᠳᠠᠭ᠎ᠠ ᠶᠢᠨ ᠣᠷᠣᠯᠴᠠᠯᠭ᠎ᠠ ᠶᠢ | ᠬᠦᠷᠲᠡᠪᠡ᠃ ᠦᠨᠳᠦᠰᠦᠲᠡᠨ ᠨᠦᠭᠦᠳ ᠤᠨ ᠣᠯᠠᠨ ᠲᠦᠮᠡᠨ ︽ᠦᠵᠡᠬᠦ᠂ ᠰᠣᠨᠣᠰᠬᠤ᠂ ᠮᠡᠳᠡᠷᠡᠬᠦ᠂ ᠣᠶᠢᠯᠠᠭᠠᠬᠤ︾ | ᠳᠤᠮᠳᠠ ᠬᠠᠮᠲᠤ ᠶᠢᠨ ᠴᠣᠭᠴᠠ ᠶᠢᠨ ᠲᠠᠨᠢᠨ ᠮᠡᠳᠡᠬᠦᠶ ᠪᠠᠨ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠤᠨ | ᠣᠶᠢᠯᠠᠭᠠᠭᠳᠠᠬᠤᠨ ᠢ ᠡᠳᠦᠷ ᠲᠣᠲᠤᠮ ᠤᠨ ᠠᠮᠢᠳᠤᠷᠠᠯ ᠳᠤ ᠪᠠᠨ ᠭᠦᠨᠵᠡᠭᠡᠶ ᠠᠭᠤᠰᠤᠯᠴᠠᠭᠤᠯᠵᠤ᠂ ᠡᠭᠦᠪᠡᠷ ᠳᠡᠮᠵᠢᠨ | ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠦᠯᠬᠦᠮᠳᠡᠨ ᠲᠡᠮᠡᠴᠡᠬᠦ ᠰᠦᠷ ᠬᠦᠴᠦᠨ ᠢ ᠨᠢᠭᠲᠠᠷᠠᠭᠤᠯᠵᠤ᠂ ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠬᠤ ᠦᠨᠳᠦᠰᠦᠲᠡᠨ ᠤ ᠪᠦᠯᠬᠦᠮᠳᠡᠯ ᠤᠨ ᠰᠢᠨ᠎ᠡ ᠦᠵᠡᠮᠵᠢ ᠪᠠᠶᠢᠳᠠᠯ ᠢ | ᠵᠢᠷᠤᠭᠯᠠᠪᠠ᠃ ︵ᠰᠠᠶᠢᠬᠠᠡᠬᠤᠸᠠᠷ᠂ ᠤᠷᠭᠤᠮᠠᠯ︶ |