ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠣᠡᠡᠳ᠋ᠬᠠᠰᠡᠨ 104 ᠵᠢᠯ ᠤᠨ ᠣᠢ ᠶᠢ ᠪᠠᠶᠠᠷᠯᠠᠨ | ᠪᠡᠯᠭᠡᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠢ ᠵᠣᠷᠢᠭᠵᠢᠭᠤᠯᠤᠨ | ᠳᠠᠶᠢᠴᠢᠯᠠᠵᠤ᠂ ᠣᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ︽ᠬᠤᠶᠠᠷ ᠶᠡᠭᠡ ᠶᠠᠪᠤᠳᠠᠯ︾ ᠢ ᠰᠠᠶᠢᠳᠣᠷ ᠬᠢᠵᠦ᠂ ᠠᠷᠤ ᠬᠤᠷᠴᠢᠨ ᠬᠤᠰᠢᠭᠤᠨ ᠤ ᠴᠢᠨᠠᠷ ᠰᠠᠶᠢᠳᠡᠢ ᠬᠥᠭᠵᠢᠯᠲᠡ ᠶᠢ | ᠠᠬᠢᠭᠤᠯᠬᠤ ᠳᠤᠮᠳᠠ ᠨᠠᠮ ᠤᠨ ᠭᠡᠰᠢᠭᠦᠳ ᠤᠨ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠣᠨ | ᠪᠠᠳᠠᠷᠠᠭᠤᠯᠬᠤ ᠶᠢᠨ ᠲᠥᠯᠥᠭᠡ᠂ 7 ᠰᠠᠷ᠎ᠠ ᠶᠢᠨ 2 ᠤᠨ ᠡᠳᠦᠷ᠂ ᠪᠠᠶ᠋ᠬᠠᠦ᠋ᠡᠳᠤᠷ ᠰᠤᠮᠤ ︽ᠦᠨᠳᠦᠰᠦᠲᠡᠨ ᠨᠦᠭᠦᠳ | ᠪᠦᠯᠬᠦᠮᠳᠡᠨ ᠨᠢᠭᠡ ᠭᠡᠷ ᠪᠦᠯᠢ ᠮᠡᠲᠦ ᠳᠣᠲᠣᠨᠣ︾ ᠣᠲᠣᠷ ᠤᠨ ᠨᠠᠮ ᠤᠨ ᠪᠠᠶᠢᠭᠤᠯᠤᠯᠲᠠ ᠶᠢᠨ ᠬᠤᠯᠪᠣᠭᠠᠲᠤ | ᠴᠣᠭᠴᠠ ᠶᠢᠨ ︽ᠤᠭ ᠰᠠᠨᠠᠭ᠎ᠠ ᠪᠠᠨ ᠦᠢᠯᠡᠳᠣᠯᠭᠡᠵᠢᠭᠦᠯᠵᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ | ᠪᠣᠳᠠᠲᠠᠶ ᠪᠠᠷ ᠠᠷᠠᠳ ᠲᠦᠮᠡᠨ ᠳᠤ ᠦᠢᠯᠡᠴᠢᠯᠡᠬᠦ︾ ᠭᠤᠤᠯ ᠰᠡᠳᠦᠪᠲᠦ ᠰᠢᠷᠢᠰ ᠠᠵᠢᠯᠯᠠᠭᠠᠨ ᠥᠷᠨᠢᠭᠦᠯᠪᠡ᠃ | | | | | | ᠰᠤᠮᠤ ᠶᠢᠨ ᠨᠠᠮ ᠤᠨ ᠬᠤᠷᠢᠶ᠎ᠠ ᠶᠢᠨ ᠭᠤᠤᠯ ᠬᠠᠷᠢᠭᠤᠴᠠᠯᠭᠠᠲᠠᠨ ᠠᠴᠠ ᠡᠬᠢᠯᠡᠯᠲᠡ ᠶᠢᠨ ᠶᠠᠷᠢᠶ᠎ᠠ ᠲᠠᠯᠪᠢᠵᠤ᠂ | ᠨᠠᠮ ᠤᠨ ᠭᠡᠷᠡᠯ ᠰᠠᠴᠤᠷᠠᠩᠭᠤᠶ ᠲᠡᠦᠬᠡᠨ ᠶᠠᠪᠤᠴᠠ ᠶᠢ ᠡᠷᠭᠢᠴᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ | ᠺᠠᠳ᠋ᠷᠴᠤᠳ ᠨᠡᠩ ᠶᠡᠭᠡ ᠬᠠᠷᠢᠭᠤᠴᠠᠯᠭᠠᠲᠤ ᠰᠡᠳᠬᠢᠯᠭᠡ ᠪᠠᠷ ᠠᠵᠢᠯᠯᠠᠨ᠂ ᠰᠤᠮᠤ ᠶᠢᠨ ᠬᠥᠭᠵᠢᠯᠲᠡ ᠪᠣᠯᠤᠨ | ᠦᠨᠳᠦᠰᠦᠲᠡᠨ ᠤ ᠪᠦᠯᠬᠦᠮᠳᠡᠯ ᠳᠤ ᠬᠦᠴᠦᠨ ᠴᠢᠳᠠᠯ ᠢᠶᠠᠨ ᠡᠷᠭᠦᠬᠦ ᠶᠢ ᠤᠷᠢᠶᠠᠯᠠᠪᠠ᠃ ᠳᠠᠷᠠᠭ᠎ᠠ ᠨᠢ᠂ | ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠪᠦᠯᠢ ᠮᠡᠲᠦ ᠳᠣᠲᠣᠨᠣ︾ ᠣᠲᠣᠷ ᠤᠨ ᠨᠠᠮ ᠤᠨ | ᠪᠠᠶᠢᠭᠤᠯᠤᠯᠲᠠ ᠶᠢᠨ ᠬᠤᠯᠪᠣᠭᠠᠲᠤ ᠴᠣᠭᠴᠠ ᠶᠢᠨ ᠠᠵᠢᠯ ᠤᠨ ᠭᠤᠤᠯ ᠠᠭᠤᠯᠭ᠎ᠠ ᠶᠢ ᠨᠡᠶᠢᠳᠡᠯᠡᠵᠤ᠂ ᠠᠬᠠᠮᠠᠳ | ᠨᠠᠮ ᠤᠨ ᠭᠡᠰᠢᠭᠦᠨ ᠳᠤ ︽ᠨᠠᠮ ᠳᠤ ᠤᠷᠤᠭᠰᠠᠨ ᠢᠷᠠᠭᠤ ᠠᠯᠳᠠᠷ ᠲᠠᠢ 50 ᠵᠢᠯ︾ ᠤᠨ ᠳᠤᠷᠠᠰᠬᠠᠯ ᠤᠨ ᠲᠡᠮᠳᠡᠭ | ᠭᠠᠷᠳᠠᠭᠤᠯᠪᠠ᠃ ︽ᠨᠠᠮ ᠵᠠᠰᠠᠭ ᠪᠢᠳᠡᠨ ᠢ ᠢᠮᠠᠭᠲᠠ ᠰᠠᠨᠠᠭᠠᠯᠵᠠᠭᠰᠠᠨ ᠳᠤ ᠲᠠᠯᠠᠷᠬᠠᠵᠤ ᠪᠠᠶᠢᠨ᠎ᠠ︕ ᠡᠨᠡ ᠬᠦ | ᠳᠤᠷᠠᠰᠬᠠᠯ ᠤᠨ ᠲᠡᠮᠳᠡᠭ ᠪᠣᠯ ᠪᠢᠳᠡᠨ ᠤ ᠨᠢᠭᠡ ᠨᠠᠰᠤᠨ ᠤ ᠲᠤᠬᠠᠶ ᠬᠠᠮᠤᠭ ᠤᠨ ᠶᠡᠭᠡ ᠦᠨᠡᠯᠡᠯᠲᠡ ᠨᠤᠲᠠᠯᠠᠯᠲᠡ | ᠮᠥᠨ᠂ ᠨᠠᠮ ᠤᠨ ᠦᠢᠯᠡᠰ ᠡᠳᠦᠷ ᠠᠴᠠ ᠡᠳᠦᠷ ᠥᠭᠡᠳᠡᠯᠡᠨ ᠮᠠᠨᠳᠤᠵᠤ᠂ ᠤᠯᠤᠰ ᠣᠷᠣᠨ ᠴᠡᠴᠡᠭᠯᠡᠨ ᠬᠥᠭᠵᠢᠵᠦ | ᠪᠠᠶᠢᠬᠤ ᠶᠢ ᠦᠵᠡᠭᠡᠳ ᠪᠢ ᠰᠡᠳᠬᠢᠯ ᠤᠨ ᠤᠭ ᠠᠴᠠ ᠪᠠᠨ ᠣᠮᠣᠭᠰᠢᠨ ᠪᠠᠭ᠋ᠠᠳᠤᠵᠤ ᠪᠠᠶᠢᠨ᠎ᠠ᠂ ᠪᠢ ᠨᠠᠰᠤ ᠪᠠᠷ ᠢᠶᠠᠨ | ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ᠎ᠠ︕︾ ᠭᠡᠵᠦ ᠨᠢᠭᠡᠨ ᠠᠬᠠᠮᠠᠳ ᠨᠠᠮ ᠤᠨ ᠭᠡᠰᠢᠭᠦᠨ ᠰᠡᠳᠬᠢᠯ | ᠳᠣᠭᠳᠣᠯᠣᠩᠬᠠᠨ ᠬᠡᠯᠡᠪᠡ᠃ | | | | | | ᠬᠤᠰᠢᠭᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠠᠴᠠ ︽︿ᠵᠢᠷᠭᠤᠭᠠᠨ | ᠥᠭᠦᠯᠡᠪᠦᠷᠢ﹀ ᠶᠢᠨ ᠪᠣᠳᠠᠲᠤ ᠬᠡᠷᠡᠭ ᠶᠣᠰᠣ ᠤᠴᠢᠷ ᠢ ᠭᠦᠨᠵᠡᠭᠡᠶ ᠣᠶᠢᠯᠠᠭᠠᠵᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ ᠨᠠᠩ ᠡᠷᠡᠰ ᠪᠠᠲᠤ ᠪᠠᠷ ᠨᠠᠮ ᠤᠨ ᠠᠴᠢ ᠶᠢ ᠮᠡᠳᠡᠷᠡᠵᠦ | ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠵᠤ᠂ ᠴᠠᠭ | ᠦᠶ᠎ᠡ ᠶᠢᠨ ᠭᠤᠤᠯ ᠰᠡᠳᠦᠪ ᠪᠣᠯᠤᠨ ᠪᠣᠳᠠᠲᠤ ᠪᠠᠶᠢᠳᠡᠯ ᠲᠠᠢ ᠤᠶᠠᠯᠳᠤᠭᠤᠯᠤᠨ ᠳᠥᠭᠦᠮ ᠣᠶᠢᠯᠠᠭᠠᠮᠵᠢᠲᠠᠶ ᠦᠭᠡ | ᠬᠡᠯᠡᠯᠭᠡ ᠪᠠᠷ ᠨᠠᠮ ᠤᠨ ᠣᠨᠣᠯ ᠤᠨ ᠮᠡᠳᠡᠯᠭᠡ ᠪᠣᠯᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠠᠶᠢᠯᠪᠣᠷᠢᠯᠠᠵᠤ | ᠨᠠᠮ ᠤᠨ ᠭᠡᠰᠢᠭᠦᠳ ᠲᠤ ᠭᠦᠨ ᠰᠡᠩᠬᠡᠷᠡᠭᠦᠯᠦᠯ ᠥᠭᠴᠦ᠂ ᠲᠡᠳᠡᠨᠠᠷ ᠤᠨ ᠤᠯᠤᠰ ᠲᠥᠷᠥ ᠶᠢᠨ ᠣᠨᠣᠯ ᠤᠨ | ᠰᠠᠭᠤᠷᠢ ᠶᠢ ᠤᠯᠠᠮ ᠴᠢᠨᠠᠭᠰᠢᠳᠠ ᠪᠠᠲᠤᠳᠬᠠᠪᠠ᠃ | | | | ᠠᠯᠠᠭᠠᠳᠠᠬᠤ ᠪᠥᠮᠪᠦᠭᠡ ᠶᠢᠨ ᠤᠷᠤᠯᠳᠤᠭᠠᠨ᠂ ᠥᠳᠥᠨ ᠪᠥᠮᠪᠦᠭᠡ ᠶᠢᠨ ᠤᠷᠤᠯᠳᠤᠭᠠᠨ᠂ ᠪᠤᠭᠤ ᠵᠢᠷᠭᠢᠭᠡ᠂ | ᠰᠢᠲᠠᠷ᠎ᠠ ᠵᠡᠷᠭᠡ ᠰᠣᠨᠢᠷᠬᠠᠯᠲᠤ ᠪᠦᠯᠬᠦᠮ ᠨᠡᠶᠢᠲᠡ ᠶᠢᠨ ᠠᠵᠢᠯᠯᠠᠭᠠᠨ ᠥᠷᠨᠢᠭᠦᠯᠵᠦ᠂ ᠣᠯᠠᠨ ᠢᠶᠠᠷ ᠢᠶᠠᠨ | ᠠᠵᠢᠯᠯᠠᠭ᠎ᠠ ᠶᠢᠨ ᠳᠤᠮᠳᠠ ᠤᠷ᠎ᠠ ᠮᠡᠷᠭᠡᠵᠢᠯ ᠢᠶᠠᠨ ᠰᠣᠯᠢᠯᠴᠠᠵᠤ᠂ ᠪᠦᠯᠬᠦᠮᠳᠡᠯ ᠨᠢᠭᠲᠠᠷᠠᠯ ᠤᠨ ᠬᠦᠴᠦᠨ ᠢᠶᠠᠨ | ᠨᠡᠮᠡᠭᠳᠡᠭᠦᠯᠦᠨ᠂ ᠪᠦᠯᠬᠦᠮᠳᠡᠨ ᠬᠠᠮᠵᠢᠯᠴᠠᠬᠤ ᠣᠶᠤᠨ ᠰᠠᠨᠠᠭᠠᠨ ᠤ ᠳᠦᠷᠰᠦ ᠪᠠᠶᠢᠳᠡᠯ ᠢ ᠢᠯᠡᠷᠡᠭᠦᠯᠪᠡ᠃ ᠨᠠᠮ ᠤᠨ | ᠡᠭᠦᠷ ᠤᠨ ᠬᠤᠯᠪᠣᠭᠠᠲᠤ ᠴᠣᠭᠴᠠ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠪᠣᠳᠠᠲᠠᠶ ᠳᠤ | ᠨᠠᠶᠢᠳᠠᠪᠣᠷᠢᠵᠢᠭᠤᠯᠪᠠ᠃ ᠠᠮᠢ ᠠᠬᠤᠶ ᠶᠢᠨ ᠬᠠᠮᠠᠭᠠᠯᠠᠯᠲᠠ ᠶᠢᠨ ᠨᠠᠮ ᠤᠨ ᠡᠭᠦᠷ ᠵᠤᠰᠠᠭᠠᠯ ᠤᠨ ᠡᠷᠦᠬᠡ ᠳᠤ | ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠳᠦᠷᠥ ᠶᠢᠨ ᠪᠣᠳᠣᠯᠭ᠎ᠠ | ᠬᠠᠤᠯᠢ ᠳᠦᠷᠢᠮ ᠢ ᠲᠠᠶᠢᠯᠪᠤᠷᠢᠯᠠᠨ ᠶᠠᠷᠢᠬᠤ ᠵᠢᠴᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ | ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠲᠠᠯ᠎ᠠ ᠨᠤᠲᠤᠭ ᠤᠨ ᠠᠮᠢ ᠠᠬᠤᠶ ᠶᠢ ᠬᠠᠮᠠᠭᠠᠯᠠᠪᠠ᠃ | ᠬᠤᠰᠢᠭᠤᠨ ᠮᠣᠩᠭᠤᠯ ᠡᠮᠨᠡᠯᠭᠡ ᠶᠢᠨ ᠬᠤᠷᠢᠶ᠎ᠠ ᠣᠲᠣᠷ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠲᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠴᠢᠰᠤᠨ ᠳᠠᠷᠤᠯᠲᠠ ᠬᠡᠮᠵᠢᠬᠦ᠂ ᠵᠡᠭᠦᠦ | ᠲᠥᠭᠡᠨᠡᠯᠭᠡ ᠪᠠ ᠢᠯᠢᠯᠭᠡ ᠨᠤᠬᠤᠯᠠᠯᠭᠠ ᠬᠢᠬᠦ᠂ ᠰᠦᠢᠣᠡᠭᠡᠯ ᠬᠤᠷᠢᠶᠠᠬᠤ ᠦᠭᠡᠢ ᠪᠠᠷ ᠡᠮ ᠬᠠᠩᠭᠠᠬᠤ ᠵᠡᠷᠭᠡ | ᠦᠢᠯᠡᠴᠢᠯᠡᠭᠡ ᠬᠦᠷᠲᠡᠭᠡᠵᠦ ᠬᠤᠰᠢᠭᠤᠨ ᠠᠷᠠᠳ ᠤᠨ ᠶᠠᠪᠤᠳᠠᠯ ᠤᠨ ᠲᠣᠪᠴᠢᠶ᠎ᠠ 5 ᠬᠦᠴᠢᠷᠳᠡᠯᠲᠡᠶ ᠡᠷᠦᠬᠡ ᠶᠢ | ᠲᠣᠬᠤᠨᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠲᠤᠰᠬᠠᠶ ᠮᠡᠷᠭᠡᠵᠢᠯᠲᠡᠳ ᠲᠡᠵᠢᠭᠡᠨ | ᠦᠷᠡᠵᠢᠭᠦᠯᠬᠦ ᠮᠡᠷᠭᠡᠵᠢᠯ ᠢ ᠤᠯᠠᠮᠵᠢᠯᠠᠵᠤ᠂ ᠣᠯᠠᠨ ᠲᠦᠮᠡᠨ ᠤ ᠦᠢᠯᠡᠣᠡᠪᠣᠷᠢᠯᠡᠯ ᠠᠮᠢᠳᠤᠷᠠᠯ ᠤᠨ ᠬᠦᠴᠢᠷ | ᠠᠰᠠᠭᠤᠳᠠᠯ ᠢ ᠦᠨᠡᠨᠬᠦ ᠰᠢᠢᠳᠪᠦᠷᠢᠯᠡᠪᠡ᠃ ᠬᠤᠯᠪᠣᠭᠠᠲᠤ ᠴᠣᠭᠴᠠ ᠶᠢᠨ ᠨᠠᠮ ᠤᠨ ᠭᠡᠰᠢᠭᠦᠨ ᠺᠠᠳ᠋ᠷ ᠡᠷᠦᠬᠡ ᠳᠤ | ᠬᠦᠷᠴᠦ ᠨᠠᠢᠮᠡᠨ ᠵᠣᠷᠪᠤᠰ ᠲᠣᠭᠲᠠᠭᠠᠯ ᠤᠨ ᠵᠣᠷᠢᠭ ᠰᠠᠨᠠᠭ᠎ᠠ᠂ ᠦᠨᠳᠦᠰᠦᠲᠡᠨ ᠤ ᠪᠦᠯᠬᠦᠮᠳᠡᠯ ᠤᠨ ᠲᠥᠷᠥ ᠶᠢᠨ | ᠪᠣᠳᠣᠯᠭ᠎ᠠ ᠶᠢ ᠤᠬᠠᠭᠤᠯᠤᠨ ᠲᠠᠶᠢᠯᠪᠣᠷᠢᠯᠠᠵᠤ᠂ ᠠᠬᠠᠮᠠᠳ ᠨᠠᠮ ᠤᠨ ᠭᠡᠰᠢᠭᠦᠨ ᠲᠠᠢ ᠬᠤᠪᠢᠰᠬᠠᠯ ᠤᠨ ᠦᠯᠢᠭᠡᠷ ᠢ | ᠬᠠᠮᠲᠤᠪᠠᠷ ᠬᠦᠦᠷᠨᠢᠪᠡ᠃ | | | | | | ᠡᠨᠡ ᠤᠳᠠᠭᠠᠨ ᠤ ᠰᠢᠷᠢᠰ ᠠᠵᠢᠯᠯᠠᠭ᠎ᠠ ᠨᠢ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠭᠤᠯᠬᠤ | ᠬᠦᠴᠦᠨ ᠪᠠ ᠳᠠᠶᠢᠴᠢᠨ ᠬᠦᠴᠦᠨ ᠢ ᠴᠢᠩᠭᠠᠷᠠᠭᠤᠯᠵᠤ᠂ ᠨᠠᠮ ᠤᠨ ᠭᠡᠰᠢᠭᠦᠨ ᠤ ᠬᠠᠷᠢᠭᠤᠴᠠᠯᠭᠠᠲᠤ ᠰᠡᠳᠬᠢᠯᠭᠡ ᠪᠠ | ᠡᠭᠦᠷᠭᠡᠲᠦ ᠰᠡᠳᠬᠢᠯᠭᠡ ᠶᠢ ᠬᠥᠭᠵᠢᠭᠡᠭᠰᠡᠨ ᠲᠡᠳᠦᠶ ᠦᠭᠡᠢ ᠪᠠᠶ᠋ᠬᠠᠦ᠋ᠡᠳᠣᠷ ᠰᠤᠮᠤ ᠲᠤᠰ ᠤᠳᠠᠭᠠᠨ ᠤ ᠠᠵᠢᠯᠯᠠᠭ᠎ᠠ ᠪᠠᠷ | ᠰᠢᠨ᠎ᠡ ᠭᠠᠷᠤᠭ᠎ᠠ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠬᠤᠯᠪᠣᠭᠠᠲᠤ ᠴᠣᠭᠴᠠ ᠶᠢᠨ ᠳᠠᠪᠠᠭᠤᠯᠢᠭ ᠢᠶᠠᠨ | ᠦᠷᠭᠦᠯᠵᠢᠯᠡᠨ ᠪᠠᠳᠠᠷᠠᠭᠤᠯᠵᠤ᠂ ᠡᠯ᠎ᠡ ᠦᠨᠳᠦᠰᠦᠲᠡᠨ ᠤ ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂ ᠬᠤᠶᠠᠷ | ᠶᠡᠭᠡ ᠶᠠᠪᠤᠳᠠᠯ ᠢ ᠰᠠᠶᠢᠲᠤᠷ ᠬᠢᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠠᠮ ᠢᠶᠠᠷ ᠡᠷᠡᠯᠬᠡᠭᠯᠡᠨ | ᠤᠷᠤᠭᠰᠢᠯᠠᠬᠤ ᠪᠣᠯᠤᠨ᠎ᠠ᠃ ᠴᠢᠮᠡᠭᠡᠯᠡᠭᠴᠢ᠄ ᠰᠠᠶᠢᠬᠠᠡᠴᠡᠴᠡᠭ | | | | | | |