ᠣᠶᠢᠷ᠎ᠠ ᠶᠢᠨ ᠡᠳᠦᠷ᠂ ︽ᠠᠷᠢᠭᠤᠨ ᠲᠠᠭᠰᠢᠨ ᠠᠷᠤ ᠬᠤᠷᠴᠢᠨ-ᠲᠠᠯ᠎ᠠ ᠨᠤᠲᠤᠭ ᠤᠨ ᠭᠠᠷᠤᠯᠲᠠ | ᠪᠦᠲᠦᠭᠡᠭᠳᠡᠬᠦᠨ ᠢ ᠲᠠᠨᠢᠯᠴᠠᠭᠤᠯᠤᠨ ᠬᠦᠷᠭᠡᠬᠦ︾ ᠤᠷᠠᠨ ᠰᠠᠶᠢᠬᠠᠨ ᠤ ᠲᠣᠭᠯᠠᠯᠲᠠ ᠶᠢᠨ ᠪᠦᠬᠦ ᠤᠯᠤᠰ ᠤᠨ | ᠲᠣᠭᠤᠷᠢᠨ ᠲᠣᠭᠯᠠᠯᠲᠠ ᠶᠢᠨ ᠠᠵᠢᠯᠯᠠᠭᠠᠨ ᠤ ᠪᠡᠭᠡᠵᠢᠩ ᠳᠠᠬᠢ ᠲᠣᠭᠯᠠᠯᠲᠠ ᠴᠠᠩᠫᠢᠩ ᠲᠣᠭᠤᠷᠢᠭ ᠲᠤ ᠶᠠᠪᠤᠭᠳᠠᠪᠠ᠃ | ᠲᠤᠰ ᠤᠳᠠᠭᠠᠨ ᠤ ᠠᠵᠢᠯᠯᠠᠭ᠎ᠠ ᠶᠢ ᠠᠷᠤ ᠬᠤᠷᠴᠢᠨ ᠬᠤᠰᠢᠭᠤᠨ ᠤ ᠬᠥᠳᠡᠭᠡ ᠲᠠᠷᠢᠶᠠᠯᠠᠩ ᠳᠤ ᠠᠰᠢᠭ ᠬᠦᠷᠲᠡᠭᠡᠬᠦ | ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠭᠤᠤᠯᠯᠠᠨ ᠡᠷᠬᠢᠯᠡᠵᠦ᠂ ᠲᠠᠯ᠎ᠠ ᠨᠤᠲᠤᠭ ᠤᠨ | ᠥᠪᠡᠷᠮᠢᠴᠡ ᠣᠨᠴᠠᠯᠢᠭᠲᠤ ᠤᠷᠠᠨ ᠰᠠᠶᠢᠬᠠᠨ ᠤ ᠲᠣᠭᠯᠠᠯᠲᠠ ᠪᠣᠯᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠲᠠᠨᠢᠯᠴᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠪᠡᠭᠡᠵᠢᠩ ᠥᠪᠥᠷ ᠮᠣᠩᠭᠤᠯ ᠬᠤᠶᠠᠷ | ᠭᠠᠵᠠᠷ ᠤᠨ ᠰᠣᠶᠣᠯ ᠪᠣᠯᠤᠨ ᠠᠵᠤ ᠦᠢᠯᠡᠰ ᠤᠨ ᠬᠠᠮᠵᠢᠯᠴᠠᠭ᠎ᠠ ᠶᠢᠨ ᠬᠥᠭᠦᠷᠭᠡ ᠶᠢ ᠴᠣᠭᠴᠠᠯᠠᠵᠤ ᠴᠠᠩᠫᠢᠩ ᠤᠨ | ᠬᠤᠲᠠ ᠶᠢᠨ ᠠᠷᠠᠳ ᠲᠤ ︽ᠠᠷᠢᠭᠤᠨ ᠲᠠᠭᠰᠢᠨ ᠠᠷᠤ ᠬᠤᠷᠴᠢᠨ︾ ᠤ ᠥᠪᠡᠷᠮᠢᠴᠡ ᠷᠢᠳᠢ ᠰᠢᠳᠢ ᠶᠢ | ᠮᠡᠳᠡᠷᠡᠭᠦᠯᠪᠡ᠃ | | | | ᠲᠣᠭᠯᠠᠯᠲᠠ ᠨᠢ ᠮᠣᠷᠢᠨ ᠬᠤᠭᠤᠷ ᠤᠨ ᠬᠥᠭᠵᠢᠮ ︽ᠬᠡᠶᠢᠮᠣᠷᠢ︾ ᠪᠠᠷ ᠬᠥᠰᠢᠭᠡ ᠰᠡᠬᠦᠵᠦ᠂ ︽ᠨᠤᠲᠤᠭ | ᠡᠵᠢ ᠬᠤᠶᠠᠷ︾ ︽ᠬᠥᠳᠡᠭᠡ ᠲᠠᠯ᠎ᠠ ᠳᠤ ᠮᠥᠩᠬᠡ ᠶᠢᠨ ᠨᠠᠷᠠ ᠮᠠᠨᠳᠤᠯ᠎ᠠ︾ ᠵᠡᠷᠭᠡ ᠰᠣᠩᠭᠤᠳᠠᠭ ᠳᠠᠭᠤᠤ ᠶᠢᠨ | ᠲᠣᠭᠯᠠᠯᠲᠠ ᠪᠠᠷ ᠳᠠᠭᠤᠴᠢᠳ ᠡᠬᠡ ᠨᠤᠲᠤᠭ ᠪᠣᠯᠤᠨ ᠵᠣᠯ ᠵᠢᠷᠭᠠᠯᠲᠤ ᠠᠮᠢᠳᠤᠷᠠᠯ ᠢᠶᠠᠨ ᠮᠠᠭᠲᠠᠨ ᠳᠠᠭᠤᠯᠠᠪᠠ︔ | ︽ᠨᠠᠶᠢᠷ ᠤᠨ ᠳᠠᠭᠤᠤ︾ ︽ᠴᠠᠭᠠᠨ ᠰᠡᠷᠡᠯ︾ ᠵᠡᠷᠭᠡ ᠬᠠᠮᠲᠤ ᠶᠢᠨ ᠪᠦᠵᠢᠭ ᠨᠢ ᠮᠣᠩᠭᠤᠯ ᠦᠨᠳᠦᠰᠦᠲᠡᠨ ᠤ ᠵᠠᠩ | ᠦᠢᠯᠡ ᠶᠢ ᠭᠤᠶᠢᠳᠠ ᠰᠠᠶᠢᠬᠠᠨ ᠬᠠᠷᠠᠭᠤᠯᠵᠤ᠂ ᠲᠤᠬᠠᠶ ᠶᠢᠨ ᠲᠠᠯᠠᠪᠤᠷ ᠤᠨ ᠦᠵᠡᠭᠴᠢᠳ ᠤᠨ ᠬᠠᠯᠠᠭᠤᠨ ᠠᠯᠠᠭ᠎ᠠ | ᠲᠠᠰᠢᠯᠲᠠ ᠪᠠ ᠣᠣᠬᠠᠶᠢᠯᠠᠯ ᠢ ᠣᠯᠪᠠ︔ ᠬᠥᠭᠡᠮᠡᠶ ᠤᠷᠠᠯᠢᠭ ᠤᠨ ᠲᠣᠭᠯᠠᠯᠲᠠ ᠨᠢ ᠨᠠᠩ ᠴᠤ ᠬᠥᠮᠦᠰ ᠤᠨ | ᠠᠩᠬᠠᠷᠤᠯ ᠢ ᠶᠡᠬᠡᠳᠡ ᠲᠠᠲᠠᠵᠤ᠂ ᠤᠯᠠᠨ ᠢ ᠭᠠᠶᠢᠬᠠᠭᠤᠯᠣᠨ ᠰᠣᠭᠲᠣᠭᠤᠷᠠᠭᠤᠯᠵᠠᠶ᠃ | | | | ᠠᠵᠢᠯᠯᠠᠭ᠎ᠠ ᠳᠤ᠂ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠬᠤ ᠠᠴᠠ ᠭᠠᠳᠠᠨ᠎ᠠ | ᠭᠤᠤᠯᠯᠠᠨ ᠡᠷᠬᠢᠯᠡᠭᠰᠡᠨ ᠲᠠᠯ᠎ᠠ ᠠᠴᠠ ᠪᠠᠰᠠ ᠨᠤᠲᠤᠭ ᠤᠨ ᠭᠠᠷᠤᠯᠲᠠ ᠪᠦᠲᠦᠭᠡᠭᠳᠡᠬᠦᠨ ᠤ ᠴᠤᠭᠯᠠᠭ᠎ᠠ ᠮᠠᠶᠢᠮᠠᠢ | ᠡᠷᠬᠢᠯᠡᠵᠦ᠂ ᠬᠤᠲᠠ ᠶᠢᠨ ᠠᠷᠠᠳ ᠲᠣᠭᠯᠠᠯᠲᠠ ᠰᠣᠨᠢᠷᠬᠠᠬᠤ ᠶᠢᠨ ᠳᠠᠭᠠᠤ ᠠᠷᠤ ᠬᠤᠷᠴᠢᠨ ᠬᠤᠰᠢᠭᠤᠨ ᠤ ᠴᠢᠨᠠᠷ | ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠣᠶᠢᠯᠠᠭᠠᠬᠤ ᠪᠠ ᠬᠤᠳᠠᠯᠳᠤᠨ ᠠᠪᠬᠤ ᠳᠤ | ᠳᠥᠬᠦᠮ ᠦᠵᠡᠭᠦᠯᠪᠡ᠃ | | | | ᠣᠶᠢᠯᠠᠭᠠᠡᠡᠰᠡᠨ ᠢᠶᠠᠷ᠂ ᠲᠤᠰ ᠤᠳᠠᠭᠠᠨ ᠤ ᠲᠣᠭᠤᠷᠢᠨ ᠲᠣᠭᠯᠠᠯᠲᠠ ᠶᠢᠨ ᠠᠵᠢᠯᠯᠠᠭ᠎ᠠ ᠨᠢ ᠪᠡᠭᠡᠵᠢᠩ | ᠥᠪᠥᠷ ᠮᠣᠩᠭᠤᠯ ᠤᠨ ᠬᠠᠮᠵᠢᠯᠴᠠᠭ᠎ᠠ ᠶᠢᠨ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠰᠣᠶᠣᠯ ᠢᠶᠠᠷ ᠠᠴᠢᠶᠠᠯᠠᠪᠤᠷᠢ | ᠲᠠᠪᠴᠠᠩ ᠪᠣᠯᠭᠠᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠪᠠᠷ ᠳᠠᠮᠵᠢᠨ ᠬᠤᠶᠠᠷ ᠭᠠᠵᠠᠷ ᠤᠨ ᠰᠣᠯᠢᠯᠴᠠᠭ᠎ᠠ | ᠪᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢᠨ ᠲᠥᠯᠥᠭᠡ ᠶᠤᠮ᠃2025 ᠣᠨ ᠳᠤ᠂ ᠠᠷᠤ ᠬᠤᠷᠴᠢᠨ | ᠬᠤᠰᠢᠭᠤᠨ ᠤ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ | ᠶᠡᠷᠦᠩᠬᠡᠶ ᠲᠥᠷᠥᠯ ᠵᠦᠢᠯ 28 ᠪᠠᠶᠢᠵᠤ᠂ 21 ᠲᠥᠷᠥᠯ ᠵᠦᠢᠯ ᠢ ᠨᠢᠭᠡᠨᠲᠡ ᠠᠵᠢᠯ ᠡᠬᠢᠯᠡᠭᠦᠯᠵᠦ᠂ ᠠᠵᠢᠯ | ᠡᠬᠢᠯᠡᠭᠦᠯᠦᠭᠰᠡᠨ ᠨᠣᠷᠮ᠎ᠠ ᠨᠢ 75% ᠪᠣᠯᠤᠨ᠎ᠠ᠃ ᠬᠡᠷᠡᠭᠯᠡᠭᠡ ᠪᠠᠷ ᠬᠠᠪᠰᠤᠷᠤᠨ ᠲᠡᠳᠬᠦᠬᠦ ᠲᠠᠯ᠎ᠠ ᠳᠤ᠂ ᠠᠷᠤ | ᠬᠤᠷᠴᠢᠨ ᠬᠤᠰᠢᠭᠤᠨ ᠤ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠡᠭᠡᠷ᠎ᠡ | ᠬᠠᠭᠠᠰ ᠵᠢᠯ ᠤᠨ ᠪᠣᠷᠣᠯᠠᠭᠤᠯᠤᠯᠲᠠ ᠶᠢᠨ ᠬᠡᠮᠵᠢᠶ᠎ᠡ ᠨᠢᠭᠡᠨᠲᠡ 4.7 ᠳ᠋ᠦᠩᠰᠢᠭᠤᠷ ᠲᠥᠭᠦᠷᠢᠭ ᠲᠤ ᠬᠦᠷᠦᠭᠰᠡᠨ | ᠪᠠᠶᠢᠨ᠎ᠠ᠃ | | | | ᠠᠷᠤ ᠬᠤᠷᠴᠢᠨ ᠬᠤᠰᠢᠭᠤᠨ ᠤ ᠬᠥᠳᠡᠭᠡ ᠲᠠᠷᠢᠶᠠᠯᠠᠩ ᠳᠤ ᠠᠰᠢᠭ ᠬᠦᠷᠲᠡᠭᠡᠬᠦ ᠠᠵᠤ ᠦᠢᠯᠡᠰ ᠤᠨ | ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠢᠯᠡᠷᠬᠡᠶᠢᠯᠡᠬᠦ ᠳᠡᠭᠡᠨ᠂ | ᠲᠤᠰ ᠤᠳᠠᠭᠠᠨ ᠤ ᠲᠣᠭᠤᠷᠢᠨ ᠲᠣᠭᠯᠠᠯᠲᠠ ᠨᠢ ᠠᠷᠤ ᠬᠤᠷᠴᠢᠨ ᠬᠤᠰᠢᠭᠤᠨ ᠤ ᠰᠣᠶᠣᠯ ᠪᠠ ᠭᠠᠷᠤᠯᠲᠠ | ᠪᠦᠲᠦᠭᠡᠭᠳᠡᠬᠦᠨ ᠢ ᠳᠡᠯᠭᠡᠨ ᠦᠵᠡᠭᠦᠯᠬᠦ ᠶᠢᠨ ᠲᠥᠯᠥᠭᠡ ᠲᠡᠳᠦᠶ ᠯᠡ ᠪᠢᠰᠢ᠂ ᠨᠠᠩ ᠴᠤ ᠤᠯᠠᠮ ᠥᠷᠭᠡᠨ ᠳᠡᠯᠭᠡᠷ | ᠬᠠᠮᠲᠤᠷᠠᠯᠴᠠᠭᠠᠨ ᠤ ᠲᠠᠪᠴᠠᠩ ᠢ ᠪᠠᠶᠢᠭᠤᠯᠬᠤ ᠶᠢᠨ ᠲᠥᠯᠥᠭᠡ ᠶᠤᠮ᠃ ᠡᠶᠢᠮᠣᠷᠬᠦ ᠠᠵᠢᠯᠯᠠᠭ᠎ᠠ ᠪᠠᠷ ᠳᠠᠮᠵᠢᠭᠤᠯᠤᠨ | ᠨᠠᠩ ᠣᠯᠠᠨ ᠪᠡᠭᠡᠵᠢᠩ ᠤᠨ ᠬᠤᠲᠠ ᠶᠢᠨ ᠠᠷᠠᠳ ᠠᠷᠤ ᠬᠤᠷᠴᠢᠨ ᠬᠤᠰᠢᠭᠤ ᠶᠢ ᠣᠶᠢᠯᠠᠭᠠᠬᠤ᠂ ᠠᠷᠤ ᠬᠤᠷᠴᠢᠨ | ᠬᠤᠰᠢᠭᠤ ᠶᠢ ᠪᠠᠭ᠋ᠠᠷᠬᠠᠬᠤ ᠪᠣᠯᠭᠠᠵᠤ᠂ ᠡᠭᠦᠨ ᠤ ᠤᠯᠠᠮ ᠠᠴᠠ ᠬᠤᠶᠠᠷ ᠭᠠᠵᠠᠷ ᠤᠨ ᠰᠣᠶᠣᠯ᠂ ᠠᠵᠤ ᠠᠬᠤᠶ᠂ | ᠵᠢᠭᠤᠯᠴᠢᠯᠠᠯ ᠵᠡᠷᠭᠡ ᠤᠯᠠᠨ ᠬᠦᠷᠢᠶᠡᠨ ᠳᠠᠬᠢ ᠭᠦᠨᠵᠡᠭᠡᠶ ᠬᠠᠮᠲᠤᠷᠠᠯᠴᠠᠭ᠎ᠠ ᠶᠢ ᠠᠬᠢᠭᠤᠯᠵᠤ᠂ ᠪᠡᠭᠡᠵᠢᠩ ᠥᠪᠥᠷ | ᠮᠣᠩᠭᠤᠯ ᠤᠨ ᠨᠥᠬᠦᠷᠯᠡᠯ ᠢ ᠨᠠᠩ ᠵᠤᠵᠠᠭᠠᠳᠬᠠᠬᠤ ᠶᠢ ᠬᠦᠰᠡᠵᠦ ᠪᠠᠶᠢᠨ᠎ᠠ ᠭᠡᠵᠡᠶ᠃ ︽ᠠᠷᠢᠭᠤᠨ ᠲᠠᠭᠰᠢᠨ ᠠᠷᠤ | ᠬᠤᠷᠴᠢᠨ︾ ᠪᠦᠬᠦ ᠤᠯᠤᠰ ᠤᠨ ᠲᠣᠭᠤᠷᠢᠨ ᠲᠣᠭᠯᠠᠯᠲᠠ ᠶᠢᠨ ᠠᠵᠢᠯᠯᠠᠭ᠎ᠠ ᠨᠢ ᠪᠥᠬᠦ ᠤᠯᠤᠰ ᠤᠨ ᠣᠯᠠᠨ | ᠬᠤᠲᠠ ᠳᠤ ᠵᠠᠯᠭᠠᠭ᠎ᠠ ᠪᠠᠷ ᠶᠠᠪᠤᠭᠳᠠᠵᠤ᠂ ᠨᠠᠩ ᠣᠯᠠᠨ ᠬᠥᠮᠦᠰ ᠲᠤ ᠠᠷᠤ ᠬᠤᠷᠴᠢᠨ ᠬᠤᠰᠢᠭᠤᠨ ᠤ ᠴᠤᠭ | ᠵᠢᠪᠬᠤᠭ᠎ᠠ ᠶᠢ ᠣᠶᠢᠯᠠᠭᠠᠭᠤᠯᠬᠤ ᠪᠣᠯᠤᠨ᠎ᠠ᠃ | ᠴᠢᠮᠡᠭᠡᠯᠡᠭᠴᠢ᠄ ᠰᠢᠶᠣᠤ ᠶᠠᠨ ᠶᠠᠨ | | |