ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 7 | ᠰᠠᠷ᠎ᠠ ᠶᠢᠨ 7 ᠤ ᠡᠳᠦᠷ᠂ ᠲᠥᠪ ᠤᠨ ᠨᠠᠢᠮᠡᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠨᠢᠭᠡᠳᠦᠭᠡᠷ | ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠠᠷᠤ ᠬᠤᠷᠴᠢᠨ ᠬᠤᠰᠢᠭᠤ ᠶᠢ ᠬᠢᠨᠠᠨ ᠵᠢᠯᠣᠭᠤᠳᠴᠤ | ᠱᠠᠯᠠᠪᠳᠠᠭᠤᠯᠤᠨ ᠵᠢᠯᠣᠭᠤᠳᠬᠤ ᠠᠭᠤᠯᠵᠠᠯᠲᠠ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ | ᠨᠢᠭᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠵᠢᠶᠠᠩ ᠭᠦᠸᠧ ᠬᠤᠸᠠ ᠬᠤᠷᠠᠯ ᠳᠤ | ᠶᠠᠷᠢᠶ᠎ᠠ ᠲᠠᠯᠪᠢᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ | ᠪᠣᠯᠤᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠤᠯᠠᠭᠠᠨᠬᠠᠳᠠ | ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠬᠢᠨᠠᠨ | ᠵᠢᠯᠣᠭᠤᠳᠴᠤ ᠱᠠᠯᠠᠪᠳᠠᠭᠤᠯᠣᠨ ᠵᠢᠯᠣᠭᠤᠳᠬᠤ ᠠᠵᠢᠯ ᠤᠨ ᠡᠭᠦᠷᠭᠡ᠂ ᠶᠡᠷᠦᠩᠬᠡᠶ ᠲᠣᠬᠢᠷᠠᠭᠤᠯᠤᠯᠲᠠ ᠶᠢ ᠵᠠᠷᠯᠠᠨ | ᠮᠡᠳᠡᠭᠳᠡᠬᠦ ᠶᠢᠨ ᠬᠠᠮᠲᠤ ᠱᠠᠯᠠᠪᠳᠠᠭᠤᠯᠣᠨ ᠵᠢᠯᠣᠭᠤᠳᠬᠤ ᠳᠤᠭᠤᠶᠢᠯᠠᠩ ᠤᠨ ᠠᠵᠢᠯ ᠳᠤ ᠬᠠᠮᠵᠢᠯᠴᠠᠬᠤ ᠲᠤᠬᠠᠶ | ᠱᠠᠭᠠᠷᠳᠠᠯᠭ᠎ᠠ ᠳᠤᠷᠠᠳᠪᠠ᠃ ᠬᠤᠰᠢᠭᠤᠨ ᠨᠠᠮ ᠤᠨ ᠬᠤᠷᠢᠶᠠᠨ ᠤ ᠱᠦᠵᠢ ᠸᠧᠶ ᠪᠢᠯᠢᠭ ᠬᠤᠷᠠᠯ ᠢ ᠡᠷᠬᠢᠯᠡᠭᠰᠡᠨ | ᠪᠥᠭᠡᠳ ᠬᠤᠰᠢᠭᠤᠨ ᠨᠠᠮ ᠤᠨ ᠬᠤᠷᠢᠶ᠎ᠠ ᠶᠢ ᠲᠥᠯᠥᠭᠡᠯᠡᠨ ᠣᠪᠣᠷ ᠢᠶᠠᠨ ᠢᠯᠡᠳᠬᠡᠬᠦ ᠦᠭᠡ ᠬᠡᠯᠡᠪᠡ᠃ | ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠬᠤᠰᠢᠭᠤᠨ ᠤᠯᠤᠰ | ᠲᠥᠷᠥ ᠶᠢᠨ ᠵᠥᠪᠯᠡᠯᠭᠡᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠰᠢᠭᠤᠨ ᠠᠷᠠᠳ ᠤᠨ ᠰᠢᠭᠦᠬᠦ ᠬᠤᠷᠢᠶᠠᠨ ᠤ | ᠳᠠᠷᠤᠭ᠎ᠠ᠂ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠬᠤᠰᠢᠭᠤᠨ ᠰᠤᠷᠤᠯᠴᠠᠯᠭ᠎ᠠ | ᠬᠥᠮᠦᠵᠢᠯ ᠤᠨ ᠲᠤᠰᠬᠠᠶ ᠠᠩᠭᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ | ᠬᠤᠷᠢᠶᠠᠨ ᠤ ᠨᠢᠭᠡᠳᠦᠭᠡᠷ ᠱᠠᠯᠠᠪᠳᠠᠭᠤᠯᠣᠨ ᠵᠢᠯᠣᠭᠤᠳᠬᠤ ᠳᠤᠭᠤᠶᠢᠯᠠᠩ ᠤᠨ ᠪᠦᠬᠦ ᠪᠦᠷᠢᠯᠳᠦᠬᠦᠨ ᠬᠤᠷᠠᠯ ᠳᠤ | ᠣᠷᠣᠯᠴᠠᠵᠠᠶ᠃ | ᠵᠢᠶᠠᠩ ᠭᠦᠸᠧ ᠬᠤᠸᠠ ᠴᠢᠬᠤᠯᠠᠴᠢᠯᠠᠭᠰᠠᠨ ᠨᠢ᠂ ᠲᠥᠪ ᠤᠨ ᠨᠠᠢᠮᠡᠨ ᠵᠤᠷᠪᠤᠰ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠪᠦᠬᠦ ᠨᠠᠮ ᠳᠤ ᠥᠷᠨᠢᠭᠦᠯᠬᠦ ᠪᠣᠯ ᠡᠨᠡ | ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ ᠲᠠᠢ ᠡᠭᠦᠷᠭᠡ ᠮᠥᠨ᠃ ᠬᠤᠲᠠ ᠶᠢᠨ ᠨᠠᠮ ᠤᠨ | ᠬᠤᠷᠢᠶ᠎ᠠ ᠱᠠᠯᠠᠪᠳᠠᠭᠤᠯᠣᠨ ᠵᠢᠯᠣᠭᠤᠳᠬᠤ ᠳᠤᠭᠤᠶᠢᠯᠠᠩ ᠲᠣᠮᠢᠯᠠᠬᠤ ᠨᠢ ᠶᠡᠷᠦᠩᠬᠡᠶ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠭᠠᠵᠠᠷ ᠣᠷᠣᠨ ᠪᠠ ᠪᠠᠶᠢᠭᠤᠯᠭ᠎ᠠ ᠨᠢᠭᠡᠴᠡ ᠶᠢᠨ ᠲᠣᠪᠤᠶᠢᠮ᠎ᠠ | ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠴᠡᠭ ᠢᠶᠠᠷ ᠨᠡᠶᠢᠳᠡᠮ ᠢ ᠠᠬᠢᠭᠤᠯᠬᠤ ᠪᠠᠷ ᠳᠠᠮᠵᠢᠭᠤᠯᠤᠨ | ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠬᠤ ᠴᠢᠬᠤᠯᠠ ᠠᠷᠭ᠎ᠠ | ᠬᠡᠮᠵᠢᠶ᠎ᠡ ᠮᠥᠨ᠃ ᠬᠤᠲᠠ ᠶᠢᠨ ᠨᠠᠮ ᠤᠨ ᠬᠤᠷᠢᠶ᠎ᠠ ᠶᠢᠨ ᠱᠠᠯᠠᠪᠳᠠᠭᠤᠯᠣᠨ ᠵᠢᠯᠣᠭᠤᠳᠬᠤ ᠳᠤᠭᠤᠶᠢᠯᠠᠩ ᠲᠣᠮᠢᠯᠠᠭᠰᠠᠨ | ᠤᠯᠤᠰ ᠲᠥᠷᠥ ᠶᠢᠨ ᠪᠣᠳᠣᠯᠬᠢᠯᠠᠯ ᠢ ᠭᠦᠨᠵᠡᠭᠡᠶ ᠲᠠᠨᠢᠨ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ | ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠰᠤᠷᠤᠯᠴᠠᠯᠭ᠎ᠠ | ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠨᠠᠶᠢᠳᠠᠪᠣᠷᠢᠵᠢᠭᠤᠯᠬᠤ ᠶᠢ ᠰᠠᠶᠢᠲᠤᠷ ᠠᠳᠬᠤᠨ᠂ ᠰᠤᠷᠤᠯᠴᠠᠯᠭ᠎ᠠ ᠴᠢᠨᠠᠷ | ᠰᠠᠶᠢᠲᠠᠶ᠂ ᠪᠠᠶᠢᠴᠠᠭᠠᠯᠲᠠ ᠡᠷᠴᠢᠮ ᠬᠦᠴᠦᠲᠡᠶ᠂ ᠰᠠᠶᠢᠵᠢᠷᠠᠭᠤᠯᠣᠯᠳᠠ ᠦᠷ᠎ᠡ ᠪᠦᠲᠦᠮᠵᠢᠲᠡᠶ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠶ ᠭᠡᠪᠡ᠃ | ᠵᠢᠶᠠᠩ ᠭᠦᠸᠧ ᠬᠤᠸᠠ ᠵᠢᠭᠠᠵᠤ ᠭᠠᠷᠭᠠᠭᠰᠠᠨ ᠨᠢ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠭᠡᠷ | ᠱᠠᠯᠠᠪᠳᠠᠭᠤᠯᠣᠨ ᠵᠢᠯᠣᠭᠤᠳᠬᠤ ᠳᠤᠭᠤᠶᠢᠯᠠᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ | ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ | ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠪᠠᠷ ᠭᠤᠤᠯᠳᠠᠯᠭ᠎ᠠ ᠪᠣᠯᠭᠠᠵᠤ᠂ ᠠᠷᠤ ᠬᠤᠷᠴᠢᠨ | ᠬᠤᠰᠢᠭᠤ ᠯᠤᠭ᠎ᠠ ᠢᠵᠢᠯ ᠴᠢᠭᠯᠡᠯ ᠢᠶᠠᠷ ᠬᠦᠴᠦᠯᠡᠨ ᠠᠵᠢᠯᠯᠠᠵᠤ᠂ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠠᠴᠠ | ᠪᠢᠰᠢ ᠳᠠᠪᠠᠭᠤᠯᠬᠤ ᠥᠬᠡᠶ᠂ ᠱᠠᠯᠠᠪᠳᠠᠭᠤᠯᠤᠨ ᠵᠢᠯᠣᠭᠤᠳᠬᠤ ᠠᠴᠠ ᠪᠢᠰᠢ ᠣᠷᠣᠯᠠᠨ ᠭᠦᠢᠴᠡᠣᠡᠭᠡᠬᠦ ᠥᠬᠡᠶ | ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠠᠷᠤ ᠬᠤᠷᠴᠢᠨ ᠬᠤᠰᠢᠭᠤᠨ ᠤ ᠨᠠᠮ ᠤᠨ ᠬᠤᠷᠢᠶ᠎ᠠ ᠱᠠᠯᠠᠪᠳᠠᠭᠤᠯᠣᠨ | ᠵᠢᠯᠣᠭᠤᠳᠬᠤ ᠳᠤᠭᠤᠶᠢᠯᠠᠩ ᠤᠨ ᠠᠵᠢᠯ ᠢ ᠪᠥᠬᠦ ᠬᠦᠴᠦᠨ ᠢᠶᠠᠷ ᠢᠶᠠᠨ ᠬᠠᠮᠵᠢᠨ ᠳᠡᠮᠵᠢᠵᠤ ᠴᠢᠩᠭ᠎ᠠ ᠱᠠᠯᠠᠪᠳᠠᠭᠤᠯᠤᠨ | ᠪᠣᠳᠠᠲᠠᠶ ᠵᠢᠯᠣᠭᠤᠳᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠡᠯ᠎ᠡ ᠵᠦᠢᠯ ᠤᠨ | ᠠᠵᠢᠯ ᠤᠨ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃ | ᠸᠧᠶ ᠪᠢᠯᠢᠭ ᠢᠯᠡᠷᠬᠡᠶᠢᠯᠡᠬᠦ ᠳᠡᠭᠡᠨ᠂ ᠲᠥᠪ ᠤᠨ ᠨᠠᠢᠮᠡᠨ ᠵᠣᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠵᠠᠩᠭᠢᠯᠠᠭ᠎ᠠ ᠶᠢᠨ ᠱᠠᠳᠣᠨ ᠳᠤ᠂ ᠬᠤᠲᠠ ᠶᠢᠨ | ᠨᠠᠮ ᠤᠨ ᠬᠤᠷᠢᠶᠠᠨ ᠤ ᠨᠢᠭᠡᠳᠦᠭᠡᠷ ᠱᠠᠯᠠᠪᠳᠠᠭᠤᠯᠣᠨ ᠵᠢᠯᠣᠭᠤᠳᠬᠤ ᠳᠤᠭᠤᠶᠢᠯᠠᠩ ᠠᠷᠤ ᠬᠤᠷᠴᠢᠨ ᠬᠤᠰᠢᠭᠤᠨ ᠳᠤ | ᠰᠠᠭᠤᠵᠤ ᠬᠢᠨᠠᠨ ᠵᠢᠯᠣᠭᠤᠳᠴᠤ ᠱᠠᠯᠠᠪᠳᠠᠭᠤᠯᠤᠨ ᠵᠢᠯᠣᠭᠤᠳᠬᠤ ᠨᠢ ᠬᠤᠲᠠ ᠶᠢᠨ ᠨᠠᠮ ᠤᠨ ᠬᠤᠷᠢᠶ᠎ᠠ ᠠᠴᠠ ᠠᠷᠤ | ᠬᠤᠷᠴᠢᠨ ᠬᠤᠰᠢᠭᠤᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠬᠠᠯᠠᠮᠵᠢᠯᠠᠵᠤ ᠳᠡᠮᠵᠢᠵᠤ ᠪᠠᠶᠢᠬᠤ ᠶᠢ | ᠭᠦᠢᠴᠡᠣᠨ ᠢᠯᠡᠷᠡᠭᠦᠯᠵᠦ᠂ ᠠᠷᠤ ᠬᠤᠷᠴᠢᠨ ᠬᠤᠰᠢᠭᠤᠨ ᠤ ᠰᠤᠷᠤᠯᠴᠠᠯᠭ᠎ᠠ ᠬᠥᠮᠦᠵᠢᠯ ᠤᠨ ᠳᠤᠲᠠᠭᠤᠳᠠᠯ ᠢ | ᠨᠥᠬᠦᠪᠥᠷᠢᠯᠡᠬᠦ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠴᠢᠬᠤᠯᠠ ᠱᠠᠭᠠᠷᠳᠠᠯᠭ᠎ᠠ ᠪᠠ | ᠠᠬᠢᠭᠤᠯᠬᠤ ᠦᠢᠯᠡᠳᠦᠯ ᠦᠵᠡᠭᠦᠯᠬᠦ ᠨᠢ ᠯᠠᠪᠲᠠᠶ ᠶᠤᠮ᠃ ᠬᠤᠰᠢᠭᠤᠨ ᠨᠠᠮ ᠤᠨ ᠬᠤᠷᠢᠶ᠎ᠠ ᠤᠯᠤᠰ ᠲᠥᠷᠥ ᠶᠢ | ᠡᠷᠬᠢᠮᠯᠡᠬᠦ ᠥᠨᠳᠦᠷᠴᠡ ᠠᠴᠠ ᠲᠤᠰ ᠤᠳᠠᠭᠠᠨ ᠤ ᠱᠠᠯᠠᠪᠳᠠᠭᠤᠯᠤᠨ ᠵᠢᠯᠣᠭᠤᠳᠬᠤ ᠶᠢᠨ ᠴᠢᠬᠤᠯᠠ ᠠᠴᠢ | ᠬᠤᠯᠪᠣᠭᠳᠠᠯ ᠢ ᠲᠠᠨᠢᠵᠤ᠂ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠲᠣᠬᠢᠷᠠᠭᠤᠯᠤᠯᠲᠠ ᠶᠣᠰᠣᠭᠠᠷ ᠡᠯ᠎ᠡ | ᠵᠦᠢᠯ ᠤᠨ ᠠᠵᠢᠯ ᠥᠷᠨᠢᠭᠦᠯᠬᠦ ᠳᠤ ᠪᠥᠬᠦ ᠬᠦᠴᠦᠨ ᠢᠶᠠᠷ ᠢᠶᠠᠨ ᠬᠠᠮᠵᠢᠯᠴᠠᠬᠤ ᠶᠢᠨ ᠬᠠᠮᠲᠤ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ᠬᠢᠨᠠᠨ ᠵᠢᠯᠣᠭᠤᠳᠴᠤ | ᠱᠠᠯᠠᠪᠳᠠᠭᠤᠯᠤᠨ ᠵᠢᠯᠣᠭᠤᠳᠬᠤ ᠶᠢ ᠲᠥᠪ ᠴᠢᠩᠭ᠎ᠠ ᠦᠨᠡᠨᠴᠢ ᠪᠠᠷ ᠬᠦᠯᠢᠶᠡᠨ ᠠᠪᠴᠤ ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠨ᠂ ᠰᠤᠷᠲᠠᠯ ᠤᠨ | ᠪᠠᠶᠢᠭᠤᠯᠤᠯᠲᠠ ᠶᠢᠨ ᠪᠠᠶᠢᠩᠭᠤᠵᠢᠭᠰᠠᠨ ᠤᠷᠳᠤ ᠬᠤᠭᠤᠴᠠᠭᠠᠨ ᠤ ᠪᠦᠲᠦᠮᠵᠢᠲᠡᠶ ᠳᠦᠷᠢᠮ ᠤᠨ ᠲᠣᠭᠲᠠᠴᠠ ᠶᠢ | ᠪᠦᠷᠢᠯᠳᠦᠭᠦᠯᠵᠦ᠂ ᠰᠤᠷᠤᠯᠴᠠᠯᠭ᠎ᠠ ᠬᠥᠮᠦᠵᠢᠯ ᠤᠨ ᠨᠠᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ ᠭᠡᠪᠡ᠃ | | ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ | ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠰᠠᠭᠤᠭ᠎ᠠ ᠭᠠᠵᠠᠷ ᠪᠠ ᠬᠠᠷᠢᠯᠴᠠᠬᠤ ᠠᠷᠭ᠎ᠠ ᠮᠠᠶ᠋ᠢᠭ | ᠰᠠᠭᠤᠭ᠎ᠠ ᠭᠠᠵᠠᠷ᠄ ᠠᠷᠤ ᠬᠤᠷᠴᠢᠨ ᠬᠤᠰᠢᠭᠤᠨ ᠤ ᠵᠣᠴᠢᠳ ᠤᠨ ᠪᠠᠭᠤᠳᠠᠯ | ᠬᠠᠷᠢᠯᠴᠠᠬᠤ ᠤᠲᠠᠰᠤ᠄ 0476-7232826 | ᠰᠤᠷᠪᠤᠯᠵᠢᠯᠠᠭᠴᠢ᠄ ᠯᠢ ᠬᠤᠸᠠᠨ ᠢᠦᠶ᠂ ᠬᠣ᠋ ᠵᠢᠩ ᠶᠤᠸᠠᠨ |