7 ᠰᠠᠷ᠎ᠠ ᠶᠢᠨ 8 ᠤ ᠡᠳᠦᠷ᠂ ᠠᠷᠤ ᠬᠤᠷᠴᠢᠨ ᠬᠤᠰᠢᠭᠤᠨ ᠤ ᠵᠠᠯᠠᠭᠤ ᠺᠠᠳ᠋ᠷᠴᠤᠳ ᠤᠨ ᠲᠥᠪ ᠤᠨ | ᠨᠠᠢᠮᠡᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ | ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠬᠤᠰᠢᠭᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ | ᠰᠤᠷᠤᠯᠭ᠎ᠠ ᠡᠬᠢᠯᠡᠵᠦ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ ᠸᠠᠩ ᡁᠢ ᠶᠦᠩ ᠪᠣᠯᠪᠠᠰᠤᠷᠠᠯ ᠡᠬᠢᠯᠡᠬᠦ ᠶᠣᠰᠣᠯᠠᠯ ᠳᠤ ᠣᠷᠣᠯᠴᠠᠬᠤ ᠶᠢᠨ ᠬᠠᠮᠲᠤ ᠦᠭᠡ | ᠶᠠᠷᠢᠪᠠ᠃ ᠪᠥᠬᠦ ᠬᠤᠰᠢᠭᠤᠨ ᠤ 1985 ᠣᠨ ᠠᠴᠠ ᠬᠤᠶᠢᠨ᠎ᠠ ᠲᠥᠷᠥᠭᠰᠡᠨ ᠵᠢᠩᠬᠢᠨᠢ ᠰᠠᠯᠠᠭᠠᠨ ᠳᠡᠰ ᠤᠨ ᠺᠠᠳ᠋ᠷ | ᠵᠢᠴᠢ 1990 ᠣᠨ ᠠᠴᠠ ᠬᠤᠶᠢᠨ᠎ᠠ ᠲᠥᠷᠥᠭᠰᠡᠨ ᠳᠡᠳ᠋ ᠰᠠᠯᠠᠭᠠᠨ ᠳᠡᠰ ᠤᠨ ᠺᠠᠳ᠋ᠷ ᠪᠣᠯᠪᠠᠰᠤᠷᠠᠯ ᠳᠤ ᠣᠷᠣᠯᠴᠠᠪᠠ᠃ | | | | | ᠸᠠᠩ ᡁᠢ ᠶᠦᠩ ᠴᠢᠬᠤᠯᠠᠴᠢᠯᠠᠬᠤ ᠳᠠᠭᠠᠨ᠂ ᠵᠠᠯᠠᠭᠤ ᠺᠠᠳ᠋ᠷᠴᠤᠳ ᠡᠷᠬᠡᠪᠰᠢ ᠲᠥᠪ ᠤᠨ ᠨᠠᠢᠮᠡᠨ ᠵᠤᠷᠪᠤᠰ | ᠲᠣᠭᠲᠠᠭᠠᠯ ᠤᠨ ᠵᠣᠷᠢᠭ ᠰᠠᠨᠠᠭᠠᠨ ᠤ ᠭᠤᠤᠯ ᠴᠢᠬᠤᠯᠠ ᠠᠭᠤᠯᠭ᠎ᠠ ᠶᠢ ᠭᠦᠨᠵᠡᠭᠡᠶ ᠣᠶᠢᠯᠠᠭᠠᠵᠤ᠂ ᠠᠷᠢᠭᠤᠨ | ᠴᠢᠬᠡᠴᠢ ᠪᠠᠷ ᠵᠠᠰᠠᠭ ᠪᠠᠷᠢᠬᠤ ︽ᠨᠢᠭᠡᠳᠦᠭᠡᠷ ᠲᠣᠪᠴᠢ︾ ᠶᠢ ᠰᠠᠶᠢᠲᠤᠷ ᠲᠣᠪᠴᠢᠯᠠᠬᠤ ᠬᠡᠷᠡᠭᠲᠡᠶ᠃ ᠨᠠᠢᠮᠡᠨ ᠵᠤᠷᠪᠤᠰ | ᠲᠣᠭᠲᠠᠭᠠᠯ ᠤᠨ ᠨᠠᠮ ᠤᠨ ᠰᠤᠷᠲᠠᠯ ᠵᠠᠰᠠᠭ ᠤᠨ ᠰᠤᠷᠲᠠᠯ ᠢ ᠳᠠᠬᠢᠨ ᠪᠣᠢ ᠪᠣᠯᠭᠠᠬᠤ ᠪᠠᠶᠢᠯᠳᠣᠬᠤ ᠪᠣᠳᠣᠯᠭ᠎ᠠ ᠶᠢᠨ | ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠲᠡᠭᠦᠨ ᠢᠶᠠᠷ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠬᠡᠮᠵᠢᠭᠦᠷ | ᠪᠣᠯᠭᠠᠬᠤ ᠬᠡᠷᠡᠭᠲᠡᠶ︔ ᠵᠠᠯᠠᠭᠤ ᠺᠠᠳ᠋ᠷᠴᠤᠳ ᠨᠠᠮᠴᠢ ᠴᠢᠨᠠᠷ ᠤᠨ ᠪᠣᠯᠪᠠᠰᠤᠷᠠᠯ ᠢᠶᠠᠷ ᠳᠤᠲᠠᠮᠠᠭ ᠪᠠᠶᠢᠬᠤ ᠣᠨᠴᠠᠭᠠᠶ | ᠴᠢᠨᠠᠷ ᠲᠤ ᠵᠥᠪ ᠢᠶᠠᠷ ᠬᠠᠨᠳᠤᠵᠤ᠂ ᠬᠡᠷᠡᠭ ᠢᠶᠠᠷ ᠲᠣᠯᠢ ᠪᠣᠯᠭᠠᠨ ᠵᠥᠪ ᠣᠨᠣᠪᠴᠢᠲᠠᠶ ᠠᠵᠢᠯ ᠤᠨ ᠠᠮᠵᠢᠯᠲᠠ ᠶᠢᠨ | ᠦᠵᠡᠯᠲᠡ ᠶᠢ ᠪᠠᠲᠤ ᠪᠣᠢ ᠪᠣᠯᠭᠠᠵᠤ᠂ ᠪᠡᠶ᠎ᠡ ᠪᠠᠨ ᠵᠠᠰᠠᠵᠤ ᠪᠡᠶ᠎ᠡ ᠪᠠᠨ ᠪᠠᠷᠢᠬᠤ ᠬᠤᠷᠢᠭ᠎ᠠ ᠱᠤᠭᠤᠮ ᠢ ᠴᠢᠩᠭ᠎ᠠ | ᠰᠠᠬᠢᠬᠤ ᠬᠡᠷᠡᠭᠲᠡᠶ︔ ᠦᠨᠡᠨᠴᠢ ᠰᠢᠳᠤᠷᠭᠤ ᠠᠷᠢᠭᠤᠨ ᠴᠢᠬᠡᠴᠢ ᠡᠭᠦᠷᠭᠡ ᠬᠠᠷᠢᠭᠤᠴᠠᠯᠭ᠎ᠠ ᠲᠠᠢ ︽ᠰᠢᠯᠭᠠᠯᠲᠠ ᠶᠢᠨ | ᠰᠡᠳᠦᠪ ᠬᠠᠷᠢᠭᠤᠯᠤᠭᠴᠢ︾ ᠪᠣᠯᠬᠤ ᠪᠠᠷ ᠴᠢᠷᠮᠠᠶᠢᠨ ᠠᠵᠢᠯᠯᠠᠵᠦ᠂ ᠥᠭᠡᠷᠡᠴᠢᠯᠡᠯᠲᠡ ᠬᠥᠭᠵᠢᠯᠲᠡ ᠶᠢᠨ ᠡᠮᠦᠨ᠎ᠡ | ᠹᠷᠣᠨᠲ ᠲᠤ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠣᠳᠠᠲᠠᠶ ᠠᠵᠢᠯᠯᠠᠵᠤ ᠪᠣᠳᠠᠲᠠᠶ ᠠᠮᠵᠢᠯᠲᠠ | ᠪᠦᠲᠦᠮᠵᠢ ᠪᠠᠷ ᠢᠶᠠᠨ ᠣᠯᠠᠨ ᠲᠦᠮᠡᠨ ᠳᠤ ᠦᠢᠯᠡᠴᠢᠯᠡᠬᠦ ᠬᠡᠷᠡᠭᠲᠡᠶ ᠭᠡᠵᠡᠶ᠃ ᠣᠶᠢᠯᠠᠭᠠᠡᠡᠰᠡᠨ ᠢᠶᠠᠷ᠂ ᠲᠤᠰ | ᠤᠳᠠᠭᠠᠨ ᠤ ᠪᠣᠯᠪᠠᠰᠤᠷᠠᠯ ᠨᠢ 3 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠲᠥᠷᠥ ᠶᠢᠨ ᠪᠣᠳᠣᠯᠭ᠎ᠠ ᠶᠢᠨ | ᠲᠠᠶᠢᠯᠤᠮᠵᠢ᠂ ᠬᠡᠷᠡᠭ ᠤᠨ ᠵᠢᠱᠢᠶ᠎ᠡ ᠶᠢᠨ ᠵᠠᠳᠠᠯᠤᠯᠲᠠ ᠪᠠ ᠦᠢᠯᠡᠳᠣᠯᠭᠡ ᠰᠤᠳᠤᠯᠤᠨ ᠶᠠᠷᠢᠯᠴᠠᠯᠭ᠎ᠠ ᠶᠢ | ᠤᠶᠠᠯᠳᠤᠭᠤᠯᠬᠤ ᠪᠠᠷ ᠳᠠᠮᠵᠢᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠴᠢᠨᠠᠷ ᠰᠠᠶᠢᠳᠡᠢ ᠬᠥᠭᠵᠢᠯᠲᠡ ᠶᠢ ᠲᠦᠯᠬᠢᠨ | ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠳᠤ ᠬᠦᠴᠦᠯᠡᠬᠦ ᠪᠣᠯᠤᠨ᠎ᠠ᠃ ︵ᠰᠠᠶᠢᠬᠠᠡᠬᠤᠸᠠᠷ︶ | | | |